2021 ᠣᠨ ᠤ ᠬᠥᠬᠡᠬᠤᠲᠠ ᠶᠢᠨ ︽ᠨᠠᠮ ᠢᠶᠠᠨ ᠲᠠᠭᠠᠵᠦ ᠡᠯᠪᠡᠭ ᠬᠤᠷᠢᠶᠠᠯᠲᠠ ᠪᠠᠨ ᠪᠡᠯᠭᠡᠯᠡᠶ᠎ᠡ︾ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2021/9/23
      9 ᠳ᠋ᠤᠭᠡᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠂ ᠲᠣᠭᠲᠠᠬᠤ ᠰᠢᠶᠠᠨ ᠤ ᠨᠠᠮ ᠤᠨ  ᠬᠤᠷᠢᠶ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ᠂ ᠰᠢᠶᠠᠨ ᠤ ᠰᠣᠶᠣᠯ  ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠠᠴᠠ ᠳᠠᠭᠠᠭᠠᠴᠢᠯᠠᠨ ᠡᠷᠬᠢᠯᠡᠭᠰᠡᠨ 2021 ᠣᠨ ᠤ ᠬᠥᠬᠡᠬᠤᠲᠠ ᠶᠢᠨ ︽ᠨᠠᠮ ᠢᠶᠠᠨ ᠲᠠᠭᠠᠵᠦ ᠡᠯᠪᠡᠭ ᠬᠤᠷᠢᠶᠠᠯᠲᠠ ᠪᠠᠨ ᠪᠡᠯᠭᠡᠯᠡᠶ᠎ᠡ︾ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠨᠠᠶᠢᠷ ᠮᠠᠨ ᠤ ᠰᠢᠶᠠᠨ ᠤ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠬᠤᠤ ᠵᠢᠶᠠ ᠶᠣᠣ ᠲᠣᠰᠬᠤᠨ ᠳᠤ ᠶᠠᠪᠤᠭᠳᠠᠪᠠ᠃
     ᠲᠣᠰ ᠬᠤᠭᠤᠴᠠᠭᠠᠨ ᠤ ᠡᠯᠪᠡᠭ ᠬᠤᠷᠢᠶᠠᠯᠲᠠ ᠶᠢᠨ ᠪᠠᠶᠠᠷ ᠲᠤ ᠤᠯᠠᠭᠠᠨᠮᠥ᠋ᠴᠢᠷ ᠤᠨ ᠲᠤᠰᠬᠠᠶ ᠲᠣᠭᠯᠠᠯᠲᠠ᠂ ᠪᠢᠴᠢᠯᠭᠡ ᠵᠢᠷᠤᠭ ᠬᠠᠶᠢᠴᠢᠯᠠᠮᠠᠯ ᠬᠡᠷᠡᠯ ᠵᠢᠷᠤᠭ ᠤᠨ ᠦᠵᠡᠭᠦᠯᠦᠯᠭᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ ᠵᠡᠷᠭᠡ ᠣᠯᠠᠨ ᠲᠦᠮᠡᠨᠴᠢ ᠴᠢᠨᠠᠷᠲᠠᠶ ᠪᠡᠯᠭᠡᠯᠡᠬᠦ ᠠᠵᠢᠯᠯᠠᠭ᠎ᠠ ᠶᠢ ᠪᠠᠭᠲᠠᠭᠠᠭᠰᠠᠨ ᠡᠯᠪᠡᠭ ᠪᠠᠶᠠᠯᠢᠭ ᠠᠭᠤᠯᠭ᠎ᠠ ᠲᠠᠢ ᠶᠤᠮ᠃ ᠲᠠᠷᠢᠶᠠᠯᠠᠬᠤ ᠪᠣᠯᠪᠠᠰᠤᠨ ᠢ ᠤᠯᠠᠮᠵᠢᠯᠠᠨ ᠬᠥᠭᠵᠢᠭᠦᠯᠵᠦ ᠳᠡᠭᠡᠭᠰᠢᠯᠡᠭᠦᠯᠬᠦ ᠴᠠᠭ ᠦᠶ᠎ᠡ ᠶᠢᠨ ᠦᠨ᠎ᠡ ᠥᠷᠲᠡᠭ ᠪᠣᠯᠤᠨ ᠥᠷᠭᠡᠨ ᠣᠯᠠᠨ ᠲᠠᠷᠢᠶᠠᠴᠢᠨ ᠲᠦᠮᠡᠨ ᠤ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠪᠦᠬᠦ ᠬᠤᠲᠠ ᠶᠢᠨ ᠥᠷᠭᠡᠨ ᠣᠯᠠᠨ ᠲᠠᠷᠢᠶᠠᠴᠢᠨ ᠲᠦᠮᠡᠨ ᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠲᠠᠰᠤᠷᠠᠯᠲᠠ ᠦᠭᠡᠶ ᠴᠢᠩᠭᠠᠳᠬᠠᠵᠤ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠯᠤᠲᠤ ᠶᠡᠭᠡ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠠᠷᠢᠶᠠᠴᠢᠳ ᠤᠨ ᠠᠭᠤᠤ ᠶᠡᠭᠡ ᠵᠣᠬᠢᠶᠠᠨ ᠪᠦᠲᠦᠭᠡᠯᠭᠡ ᠶᠢ ᠳᠡᠯᠭᠡᠨ ᠦᠵᠡᠭᠦᠯᠵᠦ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠬᠠᠩᠭᠠᠬᠤ ᠶᠤᠮ᠃
     ︽ᠥᠨᠥᠳᠦᠷ ᠪᠣᠯ ᠬᠥᠬᠡᠬᠤᠲᠠ ᠶᠢᠨ ᠳᠥᠷᠪᠡᠳᠦᠭᠡᠷ ᠬᠤᠭᠤᠴᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠡᠳᠦᠷ᠂ ᠪᠢ ᠲᠦᠢᠯ ᠢᠶᠠᠷ ᠰᠡᠳᠬᠢᠯ ᠳᠣᠭᠳᠣᠯᠵᠤ᠂ ᠥᠨᠥᠳᠦᠷ ᠪᠢ ᠥᠪᠡᠷ ᠤᠨ ᠪᠦᠲᠦᠭᠡᠭᠳᠡᠬᠦᠨ — ᠠᠮᠲᠠᠲᠤ ᠲᠥᠮᠥᠰᠥ ᠪᠠᠨ ᠠᠪᠴᠢᠷᠠᠯ᠎ᠠ᠂ ᠡᠨᠡ ᠵᠢᠯ ᠵᠠᠭᠤ ᠭᠠᠷᠤᠢ ᠮᠦ ᠲᠠᠷᠢᠵᠠᠢ᠂ ᠮᠦ ᠪᠦᠷᠢ ᠶᠢᠨ ᠤᠨᠠᠯᠲᠠ ᠨᠢ ᠲᠦᠷᠪᠡᠨ ᠮᠢᠩᠭ᠎ᠠ ᠠᠴᠠ ᠲᠠᠪᠤᠨ ᠮᠢᠩᠭᠠᠨ ᠵᠢᠩ ᠳᠤ ᠬᠦᠷᠴᠦ᠂ ᠡᠯᠪᠡᠭ ᠬᠤᠷᠢᠶᠠᠯᠲᠠ ᠲᠠᠢ ᠵᠢᠯ ᠪᠣᠯᠤᠭᠰᠠᠨ ᠳᠠᠭᠠᠨ ᠪᠢ ᠮᠠᠰᠢ ᠪᠠᠶᠠᠷᠯᠠᠵᠤ ᠪᠠᠶᠢᠨ᠎ᠠ᠂ ᠡᠨᠡ ᠤᠳᠠᠭ᠎ᠠ ᠶᠢᠨ ᠡᠯᠪᠡᠭ ᠬᠤᠷᠢᠶᠠᠯᠲᠠ ᠶᠢᠨ ᠪᠠᠶᠠᠷ ᠢᠶᠠᠷ ᠪᠢ ᠥᠪᠡᠷ ᠤᠨ ᠠᠮᠲᠠᠲᠤ ᠲᠥᠮᠥᠰᠥ ᠪᠠᠨ ᠳᠡᠯᠭᠡᠨ ᠦᠵᠡᠭᠦᠯᠵᠦ᠂ ᠠᠮᠲᠠᠲᠤ ᠲᠥᠮᠥᠰᠥ ᠪᠠᠨ ᠨᠡᠩ ᠬᠤᠯᠠ ᠶᠠᠪᠤᠭᠤᠯᠵᠤ᠂ ᠨᠡᠩ ᠶᠡᠭᠡ ᠠᠰᠢᠭ ᠣᠯᠵᠠᠪᠤᠷᠢ ᠲᠠᠢ ᠪᠣᠯᠭᠠᠨ᠎ᠠ︾ ᠭᠡᠵᠦ ᠲᠣᠭᠲᠠᠬᠤ ᠰᠢᠶᠠᠨ ᠤ ᠾᠧ ᠱᠧᠩ ᠲᠠᠷᠢᠶᠠᠯᠠᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠮᠢᠶᠣᠣ ᠬᠤᠢ ᠵᠢᠶᠦ᠋ᠨ ᠬᠡᠯᠡᠪᠡ᠃      ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠡᠯᠪᠡᠭ ᠬᠤᠷᠢᠶᠠᠯᠲᠠ ᠶᠢᠨ ᠪᠠᠶᠠᠷ ᠲᠤ ᠬᠤᠶᠠᠷ ᠬᠥᠮᠦᠨ ᠤ ᠲᠠᠶᠢᠰᠠ᠂ ᠮᠤᠷᠢᠨ ᠬᠤᠭᠤᠷ᠂ ᠱᠤᠭ ᠵᠦᠴᠦᠭᠡ᠂ ᠰᠠᠪᠬ᠎ᠠ ᠪᠥᠵᠢᠭ᠂ ᠱᠠᠨ ᠰᠢ ᠵᠦᠴᠦᠭᠡ ᠵᠡᠷᠭᠡ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠤᠯᠠᠨ ᠲᠦᠮᠡᠨ ᠲᠠᠢ ᠬᠠᠮᠤᠭ ᠤᠢᠢᠷᠠᠳᠤᠭᠰᠠᠨ ᠤᠷᠠᠨ ᠰᠠᠶᠢᠬᠠᠨ ᠤ ᠪᠦᠲᠦᠭᠡᠯ ᠢ ᠠᠪᠴᠢᠷᠠᠭᠰᠠᠨ ᠪᠠᠶᠢᠨ᠎ᠠ᠃ ᠭᠤᠶᠢᠳᠠ ᠰᠠᠶᠢᠬᠠᠨ ᠲᠣᠭᠯᠠᠯᠲᠠ ᠨᠢ ᠬᠥᠷ ᠬᠥᠭᠵᠢᠶᠡᠨ ᠲᠠᠢ ᠠᠭᠤᠷ ᠠᠮᠢᠰᠬᠤᠯ ᠢ ᠪᠤᠶ ᠪᠣᠯᠭᠠᠵᠤ᠂ ᠬᠤᠲᠠ ᠬᠥᠳᠡᠭᠡ ᠶᠢᠨ ᠦᠶ ᠣᠯᠠᠨ ᠣᠯᠠᠨ ᠲᠦᠮᠡᠨ ᠢ ᠲᠤᠰ ᠬᠤᠭᠤᠴᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠳᠤ ᠣᠷᠣᠯᠴᠠᠭᠤᠯᠵᠠᠶ᠃      ᠤᠷᠠᠨ ᠪᠢᠴᠢᠯᠭᠡ ᠤᠷᠠᠨ ᠵᠢᠷᠤᠭ᠂ ᠴᠠᠭᠠᠰᠤᠨ ᠬᠠᠶᠢᠴᠢᠯᠠᠮᠠᠯ᠂ ᠭᠡᠷᠡᠯ ᠵᠢᠷᠤᠭ ᠤᠨ ᠦᠵᠡᠰᠬᠦᠯᠡᠩ ᠨᠢ ᠤᠳᠤ ᠦᠶ᠎ᠡ ᠶᠢᠨ ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ ᠤ ᠰᠢᠨ᠎ᠡ ᠳᠦᠷᠰᠦ ᠪᠠᠶᠢᠳᠠᠯ ᠪᠠ ᠨᠤᠲᠤᠭ ᠤᠨ ᠠᠭᠤᠷ ᠠᠮᠢᠰᠬᠤᠯ ᠢᠶᠠᠷ ᠥᠳᠬᠡᠨ ᠵᠤᠵᠠᠭᠠᠨ ᠲᠠᠷᠢᠶᠠᠴᠢᠨ ᠤ ᠵᠢᠷᠤᠭ᠂ ᠤᠷᠠᠨ ᠪᠢᠴᠢᠯᠭᠡ᠂ ᠠᠷᠠᠳ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠪᠠ ᠰᠢᠯᠢᠳᠡᠭ ᠭᠡᠷᠡᠯ ᠵᠢᠷᠤᠭ ᠤᠨ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠶ᠃ ᠳᠡᠯᠭᠡᠨ ᠦᠵᠡᠭᠦᠯᠦᠭᠰᠡᠨ 120 ᠪᠦᠲᠦᠭᠡᠯ ᠨᠢ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠤᠪᠢᠶᠠᠯᠴᠠᠵᠤ᠂ ᠬᠥᠳᠡᠭᠡ ᠨᠤᠲᠤᠭ ᠤᠨ ᠦᠩᠭᠡ ᠦᠵᠡᠮᠵᠢ ᠶᠢ ᠵᠢᠷᠤᠭᠯᠠᠵᠤ᠂ ᠨᠤᠲᠤᠭ ᠤᠰᠤᠨ ᠤ ᠪᠠᠨ ᠬᠤᠪᠢᠷᠠᠯᠲᠠ ᠶᠢ ᠮᠠᠭᠲᠠᠨ ᠰᠠᠶᠢᠰᠢᠶᠠᠵᠤ᠂ ᠰᠠᠶᠢᠨ ᠰᠠᠶᠢᠬᠠᠨ ᠠᠮᠢᠳᠤᠷᠠᠯ ᠢ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠪᠦᠯᠬᠦᠮᠳᠡᠨ ᠬᠠᠪᠰᠤᠷᠤᠯᠴᠠᠬᠤ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤᠪᠠᠷ ᠡᠳ᠋ᠯᠡᠪᠡ᠃ ᠮᠠᠨ ᠤ ᠰᠢᠶᠠᠨ ᠠᠴᠠ ᠢᠷᠡᠭᠰᠡᠨ ᠲᠠᠷᠢᠶᠠᠴᠢᠨ ᠤᠷᠠᠨ ᠪᠢᠴᠢᠯᠭᠡᠲᠡᠨ ᠵᠢᠷᠤᠭᠴᠢᠳ ᠲᠤᠬᠠᠢ ᠶᠢᠨ ᠲᠠᠯᠠᠪᠠᠢ ᠳᠤ ᠢᠷᠡᠵᠦ᠂ ᠡᠯᠪᠡᠭ ᠬᠤᠷᠢᠶᠠᠯᠲᠠ ᠶᠢᠨ ᠪᠠᠶᠠᠷ ᠲᠤ ᠬᠡᠷᠡᠯ ᠭᠢᠯᠪᠠᠭ᠎ᠠ ᠨᠡᠮᠡᠷᠢᠯᠡᠵᠦ᠂ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠪᠣᠯᠤᠨ ᠰᠠᠶᠢᠨ ᠰᠠᠶᠢᠬᠠᠨ ᠠᠯᠤᠰ ᠢᠷᠡᠭᠡᠳᠦᠢ ᠶᠢ ᠵᠢᠷᠤᠭᠯᠠᠵᠠᠢ᠃
     ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠲᠤ᠂ ᠪᠦᠬᠦ ᠬᠤᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ 20 ᠰᠢᠬᠠᠮ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠠᠴᠠ ᠠᠪᠴᠢᠷᠠᠭᠰᠠᠨ ᠬᠡᠳᠦᠨ ᠵᠠᠭᠤᠨ ᠲᠦᠷᠦᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠷᠠᠮᠳᠤᠭᠤᠯᠵᠤ᠂ ᠡᠯᠪᠡᠭ ᠬᠤᠷᠢᠶᠠᠯᠲᠠ ᠶᠢᠨ ᠦᠨᠦᠷ ᠠᠮᠲᠠ ᠪᠠᠷ ᠳᠦᠭᠦᠷᠡᠩ ᠪᠠᠶᠢᠯ᠎ᠠ᠃ ᠡᠯ᠎ᠡ ᠵᠦᠢᠯ ᠤᠨ ᠲᠠᠷᠢᠶᠠᠯᠠᠩ ᠤᠨ ᠪᠦᠲᠦᠭᠡᠭᠳᠡᠬᠦᠨ ᠨᠢᠳᠦ ᠭᠢᠯᠠᠰᠤᠮ᠎ᠠ ᠪᠠᠶᠢᠵᠤ᠂ ᠴᠥᠭᠡᠨ ᠪᠤᠰᠤ ᠬᠤᠳᠠ ᠶᠢᠨ ᠠᠷᠠᠳ ᠤᠨ ᠠᠩᠬᠠᠷᠤᠯ ᠢ ᠲᠠᠲᠠᠪᠠ᠃    ︽ᠡᠨᠡ ᠤᠳᠠᠭ᠎ᠠ ᠶᠢᠨ ᠡᠯᠪᠡᠭ ᠬᠤᠷᠢᠶᠠᠯᠲᠠ ᠶᠢᠨ ᠪᠠᠶᠠᠷ ᠲᠤ ᠣᠷᠣᠯᠴᠠᠭᠰᠠᠨ ᠨᠢ ᠭᠤᠣᠯᠳᠠᠭᠤ ᠡᠯᠪᠡᠭ ᠬᠤᠷᠢᠶᠠᠯᠲᠠ ᠶᠢᠨ ᠪᠠᠶᠠᠷ ᠤᠨ ᠲᠠᠰᠢᠷᠠᠮ ᠢᠶᠠᠷ ᠮᠠᠨ ᠤ ᠪᠠᠶ ᠭᠧ ᠯᠢ ᠢᠳᠡᠭᠡᠨ ᠢᠶᠠᠨ ᠳᠡᠯᠭᠡᠨ ᠦᠵᠡᠭᠦᠯᠬᠦ ᠶᠢᠨ ᠲᠥᠯᠥᠭᠡ ᠶᠤᠮ᠂ ᠪᠢᠳᠡ ᠭᠤᠣᠯᠳᠠᠭᠤ ᠰᠦ ᠲᠠᠢ ᠴᠠᠶ᠂ ᠴᠠᠭᠠᠨ ᠬᠢᠰᠤᠭ᠎ᠠ᠂ ᠴᠠᠭᠠᠨ ᠢᠳᠡᠭᠡ ᠵᠡᠷᠭᠡ ᠮᠣᠩᠭᠤᠯ ᠡᠯᠧᠮᠧᠨ᠋ᠲ ᠲᠠᠢ ᠠᠯᠢ ᠣᠯᠠᠨ ᠦᠢᠯᠡᠳᠬᠦᠨ ᠢ ᠦᠢᠯᠡᠳᠪᠦᠷᠢᠯᠡᠵᠦ ᠪᠠᠶᠢᠨ᠎ᠠ᠂ ᠡᠨᠡ ᠤᠳᠠᠭ᠎ᠠ ᠬᠤᠤ ᠵᠢᠶᠠ ᠶᠣᠣ ᠲᠣᠰᠬᠤᠨ ᠳᠤ ᠢᠷᠡᠭᠡᠳ ᠮᠠᠰᠢ ᠭᠦᠨ ᠲᠥᠷᠥᠭᠳᠡᠯ ᠲᠠᠢ ᠪᠣᠯᠤᠭᠰᠠᠨ ᠪᠥᠭᠡᠳ ᠠᠳᠡᠬᠢ ᠬᠥᠮᠦᠰ ᠴᠦ ᠨᠡᠯᠢᠶᠡᠳ ᠬᠠᠯᠠᠭᠤᠮᠰᠤᠭ ᠪᠠᠶᠢᠵᠤ᠂ ᠮᠠᠨ ᠤ ᠦᠢᠯᠡᠳᠬᠦᠨ ᠢ ᠴᠦ ᠨᠡᠯᠢᠶᠡᠳ ᠮᠡᠳᠡᠷᠡᠵᠦ ᠪᠠᠶᠢᠨ᠎ᠠ︾ ᠭᠡᠵᠦ ᠲᠦᠮᠡᠳ ᠵᠡᠭᠦᠨ ᠬᠤᠰᠢᠭᠤᠨ ᠤ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠬᠤ᠋ ᠳ᠋ᠦᠩ ᠰᠤᠷᠪᠤᠯᠵᠢᠯᠠᠭᠴᠢ ᠳᠤ ᠬᠡᠯᠡᠪᠡ᠃      ︽ᠪᠢ ᠴᠢᠩ ᠱᠦᠢ ᠡᡁᠧ ᠰᠢᠶᠠᠨ ᠤ ᠬᠤᠩ ᠡᡁᠧ ᠪᠠᠯᠭᠠᠰᠤ ᠠᠴᠠ ᠢᠷᠡᠭᠰᠡᠨ ᠶᠤᠮ᠂ ᠮᠢᠨᠦ ᠥᠨᠥᠳᠦᠷ ᠤᠨ ᠠᠪᠴᠢᠷᠠᠭᠰᠠᠨ ᠦᠢᠯᠡᠳᠬᠦᠨ ᠪᠣᠯ ᠨᠦᠢᠯ ᠪᠤᠭᠤᠳᠠᠢ ᠪᠣᠯᠤᠨ᠎ᠠ᠃ ᠪᠢᠳᠡ ᠲᠠᠷᠢᠶᠠᠴᠢᠨ ᠡᠷᠦᠬᠡ ᠶᠢᠨ ᠲᠠᠷᠢᠭᠰᠠᠨ ᠨᠦᠢᠯ ᠪᠤᠭᠤᠳᠠᠢ ᠶᠢ ᠬᠤᠷᠢᠶᠠᠨ ᠠᠪᠴᠢᠷᠠᠵᠤ᠂ ᠨᠠᠷᠢᠯᠢᠭ ᠪᠣᠯᠪᠠᠰᠤᠷᠠᠭᠤᠯᠬᠤ᠂ ᠥᠷᠯᠥᠭᠡ ᠶᠢᠨ ᠬᠤᠭᠤᠯᠠᠨ ᠤ ᠰᠢᠩᠭᠡᠨ ᠪᠤᠳᠠᠭ᠎ᠠ ᠬᠢᠬᠦ᠂ ᠰᠡᠯᠡᠭᠦᠴᠡᠯ ᠤᠨ ᠢᠳᠡᠭᠡᠨ ᠬᠢᠬᠦ᠂ ᠨᠦᠢᠯ ᠪᠤᠭᠤᠳᠠᠢ ᠶᠢᠨ ᠮᠢᠨᠲᠤᠤᠷ ᠬᠢᠬᠦ ᠵᠡᠷᠭᠡ ᠪᠠᠷ ᠲᠠᠮᠵᠢᠨ᠂ ᠤᠳᠤ ᠶᠢᠨ ᠭᠤᠷᠪᠠᠨ ᠥᠨᠳᠥᠷ ᠬᠥᠮᠦᠰ ᠨᠦᠢᠯ ᠪᠤᠭᠤᠳᠠᠢ ᠶᠢᠨ ᠪᠦᠲᠦᠭᠡᠭᠳᠡᠬᠦᠨ ᠢ ᠢᠳᠡᠬᠦ ᠨᠢ ᠬᠠᠮᠤᠭ ᠤᠨ ᠰᠠᠶᠢᠨ ᠶᠤᠮ᠃ ᠠᠩᠬᠠᠳᠤᠭᠠᠷ ᠬᠤᠭᠤᠴᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ  ᠠᠴᠠ ᠪᠢ ᠣᠷᠣᠯᠴᠠᠭᠰᠠᠭᠠᠷ ᠢᠷᠡᠪᠡ᠂ ᠡᠨᠡ ᠵᠢᠯ ᠶᠠᠭ ᠳᠥᠷᠪᠡᠳᠦᠭᠡᠷ ᠬᠤᠭᠤᠴᠠᠭᠠᠨ ᠤ ᠬᠤᠭᠤᠴᠠᠭ᠎ᠠ ᠲᠠᠢ᠂ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ ᠳᠤ ᠢᠷᠡᠭᠰᠡᠨ ᠳᠤ᠂ ᠮᠢᠨᠦ ᠦᠵᠡᠬᠦ ᠪᠠᠷ ᠡᠨᠡ ᠲᠣᠰᠬᠤᠨ ᠲᠤᠩ ᠭᠤᠶᠤ᠂ ᠪᠢ ᠴᠦ ᠠᠩᠬ᠎ᠠ ᠤᠳᠠᠭ᠎ᠠ ᠢᠷᠡᠵᠦ ᠪᠠᠶᠢᠨ᠎ᠠ᠃ ᠪᠢ ᠡᠷᠬᠢᠨ ᠲᠣᠭᠤᠷᠢᠨ ᠢ ᠨᠢ ᠦᠵᠡᠬᠦ ᠳᠤ ᠲᠤᠩ ᠭᠤᠶᠤ᠂ ᠵᠤᠭᠠᠴᠠᠯ ᠤᠨ ᠦᠢᠯᠡᠰ᠂ ᠬᠠᠳᠤᠨ ᠭᠤᠣᠯ ᠤᠨ ᠵᠢᠭᠠᠰᠤ᠂ ᠲᠡᠭᠦᠬᠦ ᠬᠦᠷᠢᠶᠡᠯᠡᠩ ᠨᠢ ᠪᠦᠷ ᠲᠤᠩ ᠰᠠᠶᠢᠨ᠃ ᠮᠠᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠴᠢ ᠳᠤ ᠠᠪᠴᠤ ᠬᠡᠯᠡᠪᠡᠯ᠂ ᠡᠶᠢᠮᠦ ᠦᠪᠡᠳᠡᠭᠰᠢ ᠶᠡᠭᠡ ᠡᠯᠪᠡᠭ ᠬᠤᠷᠢᠶᠠᠯᠲᠠ ᠶᠢᠨ ᠪᠠᠶᠠᠷ ᠲᠤ ᠣᠷᠣᠯᠴᠠᠵᠤ ᠴᠢᠳᠠᠭᠰᠠᠨ ᠨᠢ ᠵᠠᠰᠠᠭ ᠤᠨ ᠣᠷᠳᠣᠨ ᠠᠴᠠ ᠪᠢᠳᠡᠨ ᠳᠤ ᠡᠶᠢᠮᠦ ᠲᠠᠪᠴᠠᠩ ᠪᠠᠶᠢᠭᠤᠯᠵᠤ ᠥᠭᠭᠦᠭᠰᠡᠨ ᠳᠤ ᠪᠢᠳᠡ ᠦᠨᠡᠬᠡᠷ ᠮᠠᠰᠢ ᠲᠠᠯᠠᠷᠬᠠᠵᠤ ᠪᠠᠶᠢᠨ᠎ᠠ᠂ ᠪᠢᠳᠡ ᠴᠦ ᠡᠭᠦᠨ ᠳᠤ ᠪᠠᠶᠠᠷᠯᠠᠵᠤ ᠪᠠᠶᠢᠨ᠎ᠠ᠂ ᠡᠨᠡ ᠬᠦ ᠠᠵᠤ ᠦᠢᠯᠡᠰ ᠢᠶᠠᠨ ᠦᠷᠭᠦᠯᠵᠢᠯᠡᠨ ᠰᠠᠶᠢᠲᠤᠷ ᠬᠢᠨ᠎ᠠ︾ ᠭᠡᠵᠦ ᠥᠪᠥᠷ ᠮᠣᠩᠭᠤᠯ ᠤᠨ ᠰᠢᠯᠢᠳᠡᠭ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠰᠢᠶᠤᠤ ᠳ᠋ᠦᠩ ᠬᠡᠬᠦᠳᠡᠭ ᠳᠦᠭᠦᠷᠡᠩ ᠪᠠᠶᠠᠷ ᠪᠠᠭ᠋ᠠᠳᠤᠯ ᠲᠠᠢ ᠪᠠᠷ ᠲᠠᠨᠢᠯᠴᠠᠭᠤᠯᠪᠠ      ᠲᠤᠬᠠᠢ ᠶᠢᠨ ᠲᠠᠯᠠᠪᠠᠢ ᠳᠤ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠲᠣᠭᠲᠠᠭᠠᠯ ᠪᠣᠯᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1