ᠲᠣᠭᠲᠠᠬᠤ ᠰᠢᠶᠠᠨ 38 ᠳ᠋ᠤᠭᠠᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/24
      9 ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ 38 ᠳ᠋ᠤᠭᠠᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠢ ᠶᠠ ᠨᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠹᠸᠢ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠧᠨ ᠬᠠᠢ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠰᠣᠶᠣᠯ ᠵᠢᠭᠤᠴᠢᠯᠠᠯ  ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠪᠠ᠃
     ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠧᠨ ᠬᠠᠶ ᠪᠠᠶᠠᠷ ᠤᠨ ᠦᠭᠡ ᠬᠡᠯᠡᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠰᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠰᠢᠶᠠᠨ ᠤ ᠦᠨᠳᠦᠰᠦᠲᠡᠨ ᠤ ᠵᠥᠪᠯᠡᠯ ᠤᠨ ᠪᠦᠷᠢᠯᠳᠦᠬᠦᠨ ᠨᠢᠭᠡᠴᠢ᠂ ᠱᠤᠸᠠᠩ ᠾᠧ ᠪᠠᠯᠭᠠᠰᠤ ᠨᠢᠭᠡᠴᠢ ᠠᠴᠠ ᠵᠡᠷᠭᠡ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠤ᠂ ᠰᠢᠶᠠᠨ ᠤ ᠤᠯᠠᠭᠠᠨᠮᠥ᠋ᠴᠢᠷ ᠤᠨ ᠬᠢᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠰᠢᠶᠠᠨ ᠤ ᠤᠳᠬ᠎ᠠ ᠤᠷᠠᠯᠢᠭ ᠤᠨ ᠬᠤᠯᠪᠣᠭ᠎ᠠ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠤᠷᠠᠨ ᠪᠢᠴᠢᠯᠭᠡ ᠵᠢᠷᠤᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
     ᠲᠣᠭᠲᠠᠬᠤ ᠰᠢᠶᠠᠨ ᠤ 38 ᠳ᠋ᠤᠭᠠᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠡᠬᠢᠯᠡᠭᠰᠡᠨ ᠠᠴᠠ ᠨᠠᠰᠢ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠭᠦᠨ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠪᠥᠬᠦ ᠰᠢᠶᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠠᠬᠢᠭᠤᠯᠤᠨ ᠪᠠᠬᠢᠵᠢᠭᠦᠯᠵᠦ᠂ ᠪᠥᠬᠦ ᠰᠢᠶᠠᠨ ᠤ ᠦᠨᠳᠦᠰᠦᠲᠡᠨ ᠨᠦᠭᠦᠳ ᠤᠨ ᠪᠦᠯᠬᠦᠮᠳᠡᠯ ᠢ ᠴᠢᠷᠮᠠᠶᠢᠨ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠴᠢᠩᠭᠠᠷᠠᠭᠤᠯᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1