ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠦᠪᠯᠡᠯ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/24
      9 ᠳ᠋ᠤᠭᠡᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2021 ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ᠡᠯ᠎ᠡ ᠭᠡᠰᠢᠭᠦᠨ᠂ ᠪᠦᠷᠢᠯᠳᠦᠬᠦᠨ  ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠢᠨᠲ᠋ᠤᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠤᠭ ᠤᠨ ᠰᠢᠨ᠎ᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠰᠢᠨ᠎ᠡ ᠴᠠᠭ ᠦᠶ᠎ᠡ ᠶᠢᠨ ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ ᠭᠡᠵᠡᠢ᠃
     ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠪᠣᠯᠤᠨ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠬᠦ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠳᠦ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠶᠢᠨ ᠤᠬᠠᠮᠰᠠᠷ᠂ ᠠᠵᠠ ᠲᠣᠬᠢᠶᠠᠯ ᠤᠨ ᠤᠬᠠᠮᠰᠠᠷ᠂ ᠲᠡᠷᠢᠭᠦᠨ ᠤ ᠪᠣᠯᠬᠤ ᠪᠠᠷ ᠴᠢᠷᠮᠠᠶᠢᠬᠤ ᠤᠬᠠᠮᠰᠠᠷ ᠢ ᠪᠠᠲᠤ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠡᠷᠢᠯᠬᠢᠯᠡᠬᠦ ᠬᠡᠷᠡᠭᠲᠡᠢ ᠭᠡᠪᠡ᠃      ᠬᠤᠷᠠᠯ ᠠᠴᠠ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ︔ ᠰᠦᠯᠵᠢᠶᠡᠨ ᠤ ᠤᠯᠠᠨ ᠲᠦᠮᠡᠨᠴᠢ ᠱᠤᠭᠤᠮ ᠢᠶᠠᠷ ᠨᠠᠷᠢᠨ ᠬᠢᠨᠠᠮᠠᠭᠠᠢ ᠵᠠᠮᠨᠠᠵᠤ᠂ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠡᠷᠴᠢᠮ ᠢᠶᠠᠨ ᠴᠢᠩᠭᠠᠳᠬᠠᠵᠤ᠂ ᠰᠦᠯᠵᠢᠶᠡᠨ ᠳᠡᠭᠡᠷᠡᠬᠢ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠣᠭᠲᠠᠬᠤ ᠰᠢᠶᠠᠨ ᠤ 2021 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠨᠠᠷᠢᠨ ᠨᠢᠮᠪᠠᠢ ᠰᠠᠶᠢᠲᠤᠷ ᠡᠷᠬᠢᠯᠡᠵᠦ᠂ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠪᠣᠯᠤᠨ ᠰᠡᠷᠡᠮᠵᠢᠯᠡᠭᠦᠯᠬᠦ ᠬᠥᠮᠦᠵᠢᠯ ᠢ ᠶᠡᠬᠡᠪᠡᠷ ᠥᠷᠨᠢᠭᠦᠯᠬᠦ ᠬᠡᠷᠡᠭᠲᠡᠢ︔ ᠡᠭᠦᠨ ᠤ ᠬᠠᠮᠲᠤ᠂ ︽ᠤᠯᠤᠰ ᠲᠥᠷᠥ ᠶᠢ ᠡᠷᠬᠢᠮᠯᠡᠬᠦ᠂ ᠰᠦᠯᠵᠢᠶ᠎ᠡ ᠶᠢ ᠣᠶᠢᠯᠠᠭᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠰᠢᠨ᠎ᠡ ᠶᠢ ᠡᠭᠦᠳᠬᠦ ᠳᠤ ᠴᠢᠳᠠᠮᠠᠭᠠᠶ ᠪᠠᠶᠢᠬᠤ︾ ᠱᠠᠭᠠᠷᠳᠠᠯᠭ᠎ᠠ ᠶᠣᠰᠣᠭᠠᠷ᠂ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠬᠦᠴᠦᠨ ᠢ ᠪᠦᠷᠢᠨ ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠳᠡᠮᠵᠢᠯᠭᠡ᠂ ᠨᠠᠶᠢᠳᠠᠪᠤᠷᠢᠲᠠᠶ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ᠂ ᠬᠦᠴᠦᠲᠡᠶ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠰᠢᠶᠠᠨ ᠤ ᠬᠤᠯᠪᠣᠭᠳᠠᠯ ᠪᠦᠬᠦᠢ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1