ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2021/9/27
      9 ᠳ᠋ᠤᠭᠡᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 17 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃
     ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠶᠠᠨ ᠤ ᠤᠳᠤᠷᠢᠳᠤᠯᠭ᠎ᠠ ᠰᠦᠨ ᠰᠢᠶᠦ᠋ᠨ ᠵᠢᠴᠢ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠦ᠋ ᠹᠦ᠋ ᠵᠦᠩ᠂ ᠯᠢᠦ ᠹᠸᠢ᠂ ᠵᠠᠩ ᠵᠧᠨ ᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠢᠶᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃    ᠯᠢ ᠴᠦᠨ ᠶᠠᠨ ᠵᠢᠭᠠᠵᠤ ᠭᠠᠷᠭᠠᠭᠰᠠᠨ ᠨᠢ᠂ ᠡᠨᠡ ᠵᠢᠯ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ ᠶᠡᠷᠦᠩᠬᠡᠶ ᠱᠦᠵᠢ ︽12 ᠡᠷᠬᠡᠪᠰᠢ︾ ᠭᠡᠳᠡᠭ ᠢᠶᠠᠷ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠨᠠᠷᠢᠨ ᠲᠣᠳᠣᠷᠬᠠᠶ ᠬᠤᠷᠢᠶᠠᠩᠭᠤᠶᠢᠯᠠᠵᠤ ᠰᠢᠰᠲ᠋ᠧᠮ ᠲᠠᠢ ᠲᠠᠶᠢᠯᠪᠤᠷᠢᠯᠠᠭᠰᠠᠨ ᠪᠠᠶᠢᠨ᠎ᠠ᠃ ᠪᠢᠳᠡ ᠲᠡᠦᠬᠡ ᠪᠠ ᠪᠣᠳᠠᠲᠤ ᠠᠬᠤᠶ ᠶᠢ ᠬᠠᠷᠢᠯᠴᠠᠨ ᠨᠡᠪᠲᠡᠷᠡᠯᠴᠡᠭᠦᠯᠬᠦ᠂ ᠤᠨᠤᠯ ᠪᠠ ᠪᠣᠳᠠᠲᠤ ᠪᠠᠶᠢᠳᠠᠯ ᠢ ᠤᠶᠠᠯᠳᠤᠭᠤᠯᠬᠤ ᠡᠭᠦᠳᠡᠨ ᠠᠴᠠ ᠡᠨᠡ ᠬᠦ ᠴᠢᠬᠤᠯᠠ ᠦᠵᠡᠯ ᠰᠠᠨᠠᠭᠠᠨ ᠤ ᠤᠨᠤᠯ ᠤᠨ ᠬᠤᠪᠢ ᠨᠡᠮᠡᠷᠢ ᠶᠢ ᠭᠦᠨᠵᠡᠭᠡᠶ ᠲᠠᠨᠢᠨ ᠡᠵᠡᠮᠰᠢᠵᠦ᠂ ᠴᠠᠭ ᠦᠶ᠎ᠡ ᠶᠢᠨ ᠠᠴᠢ ᠬᠤᠯᠪᠣᠭᠳᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠲᠠᠨᠢᠨ ᠡᠵᠡᠮᠰᠢᠵᠦ᠂ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠲᠦᠯᠬᠢᠨ ᠠᠬᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠭᠡᠵᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠬᠤᠯᠪᠣᠭᠳᠠᠬᠤ ᠦᠨᠳᠦᠷᠴᠡ ᠳᠤ ᠵᠣᠭᠰᠣᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠴᠢᠬᠤᠯᠠ ᠶᠡᠭᠡ ᠠᠴᠢ ᠬᠤᠯᠪᠣᠭᠳᠠᠯ ᠪᠣᠯᠤᠨ ᠭᠦᠨ ᠭᠦᠨᠵᠡᠭᠡᠢ ᠠᠭᠤᠯᠤᠭᠳᠠᠬᠤᠨ ᠤ ᠲᠤᠬᠠᠢ ᠲᠠᠨᠢᠯᠲᠠ ᠪᠣᠯᠤᠨ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠰᠠᠭᠤᠷᠢ ᠴᠢᠨᠠᠷᠲᠠᠢ ᠢᠨᠵᠧᠨᠧᠷᠢᠩ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠭᠦᠷᠭᠡ ᠶᠢ ᠦᠨᠡᠨᠬᠦ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠪᠡ᠃      ᠯᠢ ᠴᠦᠨ ᠶᠠᠨ ᠱᠠᠭᠠᠷᠳᠠᠭᠰᠠᠨ ᠨᠢ᠂ ᠪᠥᠬᠦ ᠰᠢᠶᠠᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠨᠳᠦᠰᠦᠲᠡᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠦᠨᠳᠦᠰᠦᠲᠡᠨ ᠤ ᠠᠵᠢᠯ ᠤᠨ ᠪᠠᠶᠢᠷᠢᠰᠢᠯ ᠢ ᠦᠨᠡᠨ ᠬᠦ ᠪᠦᠷᠢᠯᠳᠦᠭᠦᠯᠬᠦ ᠬᠡᠷᠡᠭᠲᠡᠶ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠳᠡᠬᠦ᠂ ᠦᠨᠳᠦᠰᠦᠲᠡᠨ ᠤ ᠠᠰᠠᠭᠤᠳᠠᠯ ᠳᠤ ᠬᠠᠨᠳᠤᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠶᠠᠪᠤᠳᠠᠯ ᠪᠣᠯᠭᠠᠨ ᠳᠤ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠮᠡᠳᠡᠯᠭᠡ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠲᠠᠯᠪᠢᠨ ᠰᠠᠶᠢᠲᠤᠷ ᠬᠠᠮᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ  ᠲᠦᠪᠯᠡᠷᠡᠭᠦᠯᠬᠦ ᠬᠡᠷᠡᠭᠳᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1