ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 18 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/27
      ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠲᠠᠢ ᠪᠣᠯᠭᠠᠵᠤ᠂ ᠬᠦᠴᠦᠨ ᠴᠢᠳᠠᠯ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠳᠡᠭᠡᠷ᠎ᠡ ᠦᠨᠡᠨ ᠬᠦ ᠨᠢᠭᠲᠠᠷᠠᠭᠤᠯᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ 18 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃
     ᠰᠤᠷᠤᠯᠴᠠᠯᠭ᠎ᠠ ᠶᠢᠨ ᠬᠤᠷᠠᠯ ᠠᠴᠠ ᠣᠨᠴᠠᠭᠠᠶᠢᠯᠠᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠡᠶᠢᠭᠡᠮ ᠤᠨ ᠬᠠᠮᠢᠶᠠᠷᠤᠯᠲᠠ ᠪᠣᠯᠤᠨ ᠰᠣᠶᠣᠯ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠰᠦᠨ ᠵᠦᠩ ᠬᠤᠢ ᠶᠢ ᠤᠷᠢᠵᠤ ︽ᠰᠢᠨ᠎ᠡ ᠴᠠᠭ ᠦᠶ᠎ᠡ ᠶᠢᠨ ᠡᠪ ᠬᠠᠮᠳᠦᠴᠤᠳ ᠤᠨ ᠤᠯᠤᠰ ᠲᠦᠷᠦ ᠶᠢᠨ ᠲᠤᠩᠬᠠᠭ — ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠰᠦᠨ ᠵᠥᠩ ᠬᠤᠶ ᠲᠠᠶᠢᠯᠤᠮᠵᠢ ᠳᠠᠭᠠᠨ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠲᠠᠶᠢᠯᠤᠮᠵᠢ ᠶᠢᠨ ᠰᠤᠳᠠᠰᠤ ᠨᠢ ᠲᠣᠳᠣᠷᠬᠠᠶ᠂ ᠠᠮᠢᠳᠤᠯᠢᠭ ᠳᠦᠷᠰᠦᠯᠢᠭ᠂ ᠭᠤᠤᠯᠳᠠᠯᠭ᠎ᠠ ᠨᠢ ᠲᠣᠪᠤᠶᠢᠮ᠎ᠠ᠂ ᠪᠣᠳᠠᠲᠠᠶ ᠲᠠᠢ ᠨᠡᠶᠢᠴᠡᠵᠦ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠤᠨ ᠶᠡᠷᠦᠩᠬᠡᠶ ᠱᠦᠵᠢ ᠰᠢ ᠶᠢᠨ ᠫᠢᠩ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠩ ᠣᠨᠣᠪᠴᠢᠲᠠᠶ ᠣᠶᠢᠯᠠᠭᠠᠬᠤ ᠪᠠ ᠪᠥᠬᠦ ᠲᠠᠯ᠎ᠠ ᠪᠠᠷ ᠡᠵᠡᠮᠰᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ ᠨᠢ ᠲᠡᠦᠬᠡ᠂ ᠪᠣᠳᠠᠲᠤ ᠠᠬᠤᠢ᠂ ᠢᠷᠡᠭᠡᠳᠦᠢ ᠶᠢ ᠨᠡᠪᠲᠡᠷᠡᠭᠦᠯᠵᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠨᠡᠪᠲᠡᠷᠡᠭᠦᠯᠵᠦ᠂ ᠮᠠᠨ ᠤ ᠨᠠᠮ ᠤᠨ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢ ᠰᠢᠨ᠎ᠡ ᠦᠨᠳᠦᠷᠴᠡ ᠳᠤ ᠬᠦᠷᠭᠡᠵᠡᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠬᠦᠷᠢᠶᠡᠯᠡᠬᠦ︾ ᠶᠢ ᠢᠮᠠᠭᠲᠠ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠦᠨᠳᠦᠰᠦᠨ ᠤᠯᠤᠰ ᠲᠥᠷᠥ ᠶᠢᠨ ᠶᠣᠰᠣ ᠳᠦᠷᠢᠮ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠬᠤ ᠪᠦᠳᠤᠭᠡᠨ ᠪᠠᠶᠢᠭᠤᠯᠤᠯᠲᠠ ᠶᠢᠨ ᠬᠠᠮᠤᠭ ᠤᠨ ᠦᠨᠳᠦᠰᠦᠨ᠂ ᠬᠠᠮᠤᠭ ᠤᠨ ᠤᠳᠠᠭᠠᠨ ᠳᠠᠭᠠᠭᠠᠮᠠᠭᠠᠶ᠂ ᠬᠠᠮᠤᠭ ᠤᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠤ ᠡᠬᠢ ᠰᠤᠷᠪᠤᠯᠵᠢ ᠪᠣᠯᠭᠠᠵᠤ᠂ ᠦᠨᠡᠨᠴᠢ ᠰᠢᠳᠤᠷᠭᠤ ᠭᠤᠣᠯᠯᠠᠭᠴᠢ ᠶᠢ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠮᠤᠭ ᠤᠨ ᠢᠯᠡ ᠲᠣᠳᠣ ᠤᠯᠤᠰ ᠲᠦᠷᠤ ᠶᠢᠨ ᠬᠡᠪ ᠴᠢᠨᠠᠷ ᠪᠣᠯᠭᠠᠵᠤ᠂ ᠪᠦᠬᠦ ᠰᠢᠶᠠᠨ ᠤ ᠤᠯᠤᠰ ᠲᠦᠷᠤ ᠶᠢᠨ ᠠᠮᠢ ᠠᠬᠤᠶ ᠶᠢᠨ ᠬᠠᠮᠤᠭ ᠤᠨ ᠢᠯᠡ ᠲᠣᠳᠣ ᠤᠯᠤᠰ ᠲᠦᠷᠤ ᠶᠢᠨ ᠰᠠᠭᠤᠷᠢ ᠦᠡᠭᠭᠡ ᠪᠣᠯᠭᠠᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠪᠤᠶᠠᠨ ᠦᠢᠯᠡᠳᠬᠦ ᠶᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠵᠡᠷᠭᠡ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠢ ᠶᠠ ᠨᠠᠨ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1