9 ᠳ᠋ᠤᠭᠡᠷ ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠲᠥᠯᠥᠭᠡᠯᠡᠭᠴᠢ ᠶᠢᠨ | ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ ᠮᠠᠨ ᠤ ᠰᠢᠶᠠᠨ ᠳᠤ | ᠢᠷᠡᠵᠦ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠣᠩᠭᠤᠨ ᠲᠣᠮᠢᠯᠠᠭᠰᠠᠨ ᠬᠠᠮᠲᠤᠷᠠᠭᠰᠠᠨ | ᠠᠵᠢᠯ ᠤᠨ ᠵᠥᠪᠯᠡᠯ ᠤᠨ ᠡᠷᠬᠢᠯᠡᠭᠴᠢ ᠸᠠᠩ ᠬᠤᠩ᠂ ᠳᠡᠳ᠋ ᠡᠷᠬᠢᠯᠡᠭᠴᠢ ᠱᠢ ᠯᠢ᠂ ᠰᠢᠶᠠᠨ ᠤ ᠤᠳᠤᠷᠢᠳᠤᠯᠭ᠎ᠠ ᠰᠦᠨ | ᠰᠢᠶᠦ᠋ᠨ᠂ ᠹᠠᠨ ᠷᠦᠢ ᠫᠢᠩ ᠣᠷᠣᠯᠴᠠᠪᠠ᠃ | | | | | ᠣᠶᠢᠯᠠᠭᠠᠭᠰᠠᠨ ᠢᠶᠠᠷ᠂ ᠲᠣᠭᠲᠠᠬᠤ ᠰᠢᠶᠠᠨ ᠪᠥᠬᠦ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠠᠵᠢᠯ ᠤᠨ ᠰᠠᠨᠠᠯ ᠢ | ᠲᠣᠭᠲᠠᠭᠠᠵᠤ᠂ 9 ᠳ᠋ᠤᠭᠡᠷ ᠰᠠᠷ᠎ᠠ ᠶᠢᠨ 16 ᠤ ᠡᠳᠦᠷ ᠪᠥᠬᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠠᠶᠢᠴᠢᠯᠠᠯᠲᠠ ᠪᠣᠯᠪᠠᠰᠤᠷᠠᠭᠤᠯᠤᠯ ᠤᠨ ᠬᠤᠷᠠᠯ ᠢ | ᠬᠤᠷᠠᠯᠳᠤᠭᠤᠯᠵᠤ᠂ 9 ᠳ᠋ᠤᠭᠡᠷ ᠰᠠᠷ᠎ᠠ ᠶᠢᠨ 18 ᠤ ᠡᠳᠦᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠶᠢᠨ ᠬᠤᠪᠢᠶᠠᠷᠢᠯᠠᠯᠲᠠ᠂ ᠪᠦᠲᠦᠴᠡ ᠶᠢᠨ ᠬᠠᠷᠢᠴᠠᠯ ᠢ ᠰᠤᠳᠤᠯᠤᠨ | ᠲᠣᠭᠲᠠᠭᠠᠭᠰᠠᠨ ᠪᠥᠭᠡᠳ ᠳᠡᠭᠡᠭᠰᠢ ᠮᠡᠳᠡᠭᠦᠯᠪᠡ᠃ 9 ᠳ᠋ᠤᠭᠡᠷ ᠰᠠᠷ᠎ᠠ ᠶᠢᠨ 26 ᠤ ᠡᠳᠦᠷ ᠪᠣᠯᠲᠠᠯ᠎ᠠ᠂ ᠡᠯ᠎ᠡ | ᠪᠠᠯᠭᠠᠰᠤᠨ ᠤ ᠬᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠠᠶᠢᠴᠢᠯᠠᠯᠲᠠ ᠶᠢᠨ ᠬᠤᠷᠠᠯ ᠢ ᠨᠢᠭᠡᠨᠲᠡ | ᠳᠠᠭᠤᠰᠬᠠᠵᠤ᠂ ᠲᠠᠷᠠᠭᠠᠴᠢ ᠶᠢᠨ ᠠᠵᠢᠯ ᠨᠢ ᠶᠠᠭ ᠬᠠᠤᠯᠢ ᠶᠣᠰᠣᠭᠠᠷ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ᠵᠠᠩ ᠬᠤᠩ ᠰᠢᠶᠠ ᠴᠢᠬᠤᠯᠠᠴᠢᠯᠠᠭᠰᠠᠨ ᠨᠢ᠂ ᠰᠢᠶᠠᠨ ᠰᠢᠶᠠᠩ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠳᠤ | ᠭᠤᠷᠪᠠᠨ ᠴᠢᠬᠤᠯᠠ ᠵᠦᠢᠯ ᠢ ᠰᠠᠶᠢᠲᠤᠷ ᠠᠳᠬᠤᠬᠤ ᠬᠡᠷᠡᠭᠲᠡᠶ᠄ ᠨᠢᠭᠡ ᠳᠤ᠂ ᠨᠠᠮ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠰᠢᠶᠠᠨ | ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ | ᠲᠠᠯ᠎ᠠ ᠶᠢ ᠵᠤᠬᠢᠴᠠᠭᠤᠯᠤᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ ᠦᠨᠳᠦᠰᠦᠨ ᠬᠠᠤᠯᠢ ᠬᠠᠤᠯᠢ ᠴᠠᠭᠠᠵᠠ ᠶᠢᠨ ᠲᠣᠭᠲᠠᠭᠠᠯ ᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠪᠦᠬᠦ ᠶᠠᠪᠤᠴᠠ ᠪᠣᠯᠤᠨ ᠡᠯ᠎ᠡ ᠲᠠᠯ᠎ᠠ ᠳᠤ ᠲᠤᠤᠱᠯᠠᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠭᠦᠷᠭᠡ | ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢᠶᠠᠨ ᠰᠢᠶᠠᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠰᠢᠶᠠᠩ ᠬᠤᠶᠠᠷ ᠱᠠᠲᠤᠨ ᠤ ᠰᠣᠩᠭᠤᠭᠤᠯᠢ ᠶᠢᠨ | ᠵᠥᠪᠯᠡᠯ ᠨᠢ ᠤᠳᠤᠷᠢᠳᠤᠯᠭ᠎ᠠ ᠪᠠᠨ ᠬᠠᠤᠯᠢ ᠶᠣᠰᠣᠭᠠᠷ ᠴᠢᠩᠭᠠᠳᠬᠠᠵᠤ᠂ ᠬᠠᠤᠯᠢ ᠪᠠᠷ ᠲᠣᠭᠲᠠᠭᠠᠭᠰᠠᠨ ᠲᠠᠰ | ᠳᠠᠷᠠᠭᠠᠯᠠᠯ ᠢᠶᠠᠷ ᠳᠠᠮᠵᠢᠭᠤᠯᠤᠨ ᠨᠠᠮ ᠤᠨ ᠬᠤᠷᠢᠶ᠎ᠠ ᠶᠢᠨ ᠠᠵᠢᠯᠲᠠᠨ ᠤ ᠲᠤᠬᠢᠷᠠᠭᠤᠯᠤᠯᠳᠠ ᠶᠢ ᠪᠤᠳᠠᠳᠠᠶᠢᠵᠢᠭᠤᠯᠬᠤ | ᠬᠡᠷᠡᠭᠳᠡᠢ᠃ ᠭᠤᠷᠪᠠ ᠳᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠤᠷᠲᠠᠯ ᠴᠢᠬᠡᠴᠢ ᠣᠪᠣᠷ ᠲᠥᠪ | ᠪᠠᠶᠢᠬᠤ ᠶᠢ ᠪᠠᠲᠤᠯᠠᠵᠤ᠂ ᠰᠣᠩᠭᠤᠭᠤᠯᠢ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠮᠡᠳᠡᠭᠡ ᠵᠠᠩᠭᠢ ᠶᠢ ᠴᠤᠭᠯᠠᠭᠤᠯᠬᠤ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ ᠢᠳᠡᠪᠬᠢᠲᠡᠢ ᠯᠠᠪᠳᠠᠭᠤᠨ ᠢᠶᠠᠷ ᠠᠷᠭᠠᠴᠠᠨ᠎ᠠ ᠭᠡᠪᠡ᠃ |