ᠲᠣᠭᠲᠠᠬᠤ ᠰᠢᠶᠠᠨ ᠤ ᠬᠢᠨ ᠤᠯᠠᠨ ᠬᠡᠯᠪᠡᠷᠢ ᠪᠠᠷ ᠤᠬᠠᠭᠤᠯᠤᠨ ᠲᠠᠶᠢᠴᠢᠯᠠᠵᠦ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2021/9/30
      ︽ᠬᠥᠮᠦᠨ ᠪᠦᠬᠦᠨ ᠰᠣᠩᠭᠤᠭᠤᠯᠢ ᠶᠢ ᠣᠶᠢᠯᠠᠭᠠᠵᠤ᠂ ᠬᠥᠮᠦᠨ ᠪᠦᠬᠦᠨ ᠢᠳᠡᠪᠬᠢᠲᠡᠶ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ ᠡᠮᠬᠢ ᠵᠢᠷᠤᠮ ᠲᠠᠢ᠂ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢ ᠥᠷᠨᠢᠭᠦᠯᠵᠦ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠷᠭᠡᠨ ᠤᠯᠠᠨ ᠰᠣᠩᠭᠤᠭᠤᠯᠢ ᠶᠢᠨ ᠠᠷᠠᠳ ᠲᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠪᠠ᠃
     9 ᠳ᠋ᠤᠭᠡᠷ ᠰᠠᠷ᠎ᠠ ᠶᠢᠨ 29 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠡᠯ᠎ᠡ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠳᠤᠷᠢᠳᠬᠤ ᠺᠠᠳ᠋ᠷᠴᠤᠳ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠠᠶᠢᠯ ᠲᠣᠰᠬᠤᠨ᠂ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠪᠢᠴᠢᠭᠡᠰᠦ ᠡᠯᠭᠦᠬᠦ᠂ ︽ᠰᠣᠩᠭᠤᠭᠤᠯᠢ ᠶᠢᠨ ᠠᠷᠠᠳ ᠲᠤ ᠥᠭᠭᠦᠭᠰᠡᠨ ᠵᠠᠬᠢᠳᠠᠯ︾᠂ ︽ᠰᠣᠩᠭᠤᠭᠤᠯᠢ ᠶᠢᠨ ᠠᠷᠠᠳ ᠤᠨ ᠡᠷᠬᠡᠪᠰᠢ ᠮᠡᠳᠡᠬᠦ ᠵᠦᠢᠯ︾᠂ ︽ᠰᠣᠩᠭᠤᠭᠤᠯᠢ ᠶᠢᠨ ᠠᠷᠠᠳ ᠤᠨ ᠪᠦᠷᠢᠳᠬᠡᠯ ᠤᠨ ᠠᠯᠪᠠᠨ ᠵᠠᠷ︾ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠪᠠᠷ ᠳᠠᠮᠵᠢᠭᠤᠯᠤᠨ᠂ ᠨᠡᠭᠦᠳᠡᠯ ᠯᠠᠪᠯᠠᠯᠭ᠎ᠠ ᠶᠢᠨ ᠴᠢᠭ ᠭᠠᠷᠭᠠᠵᠤ᠂ ᠭᠡᠷ ᠤᠨ ᠭᠠᠳᠠᠨᠠᠬᠢ ᠡᠯᠧᠺᠲᠷᠣᠨ ᠳᠡᠯᠭᠡᠴᠡ᠂ ᠠᠯᠪᠠᠨ ᠤ ᠸᠢᠴᠠᠲ ᠤᠨ ᠲᠠᠪᠴᠠᠩ᠂  ᠴᠤᠤᠬᠢᠶ᠎ᠠ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠬᠡᠷᠡᠭᠯᠡᠵᠦ᠂ ᠤᠬᠠᠭᠤᠯᠭ᠎ᠠ ᠶᠢᠨ ᠤᠷᠢᠶ᠎ᠠ ᠯᠣᠽᠦ᠋ᠩ ᠢ ᠦᠷᠭᠦᠯᠵᠢᠯᠡᠨ ᠨᠡᠪᠲᠡᠷᠡᠭᠦᠯᠵᠦ ᠂ ᠨᠠᠰᠢ ᠴᠠᠰᠢ ᠥᠩᠭᠡᠷᠡᠬᠦ ᠲᠣᠰᠬᠤᠨ ᠤ ᠠᠷᠠᠳ᠂ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠴᠢᠬᠤᠯᠠ ᠶᠡᠭᠡ ᠠᠴᠢ ᠬᠤᠯᠪᠣᠭᠳᠠᠯ᠂ ᠱᠠᠲᠤ ᠦᠶ᠎ᠡ ᠶᠢᠨ ᠠᠵᠢᠯ ᠤᠨ ᠲᠣᠬᠢᠷᠠᠭᠤᠯᠤᠯᠲᠠ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠶᠠᠪᠤᠴᠠ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠲᠠᠨᠢᠯᠴᠠᠭᠤᠯᠵᠤ᠂ ᠣᠯᠠᠨ ᠠᠷᠭ᠎ᠠ ᠵᠠᠮ ᠣᠯᠠᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠥᠷᠭᠡᠨ ᠳᠡᠯᠭᠡᠷᠡᠩᠭᠦᠶ ᠪᠠᠷ ᠤᠬᠠᠭᠤᠯᠵᠤ ᠬᠥᠲᠥᠯᠦᠨ ᠵᠢᠯᠣᠭᠤᠳᠴᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠵᠡᠷᠭᠡᠪᠡᠷ ᠤᠷᠤᠭᠰᠢᠯᠠᠬᠤ ᠤᠬᠠᠭᠤᠯᠭ᠎ᠠ ᠶᠢᠨ ᠪᠠᠶᠢᠷᠢᠰᠢᠯ ᠢ ᠪᠣᠶ ᠪᠣᠯᠭᠠᠵᠤ᠂ ᠰᠣᠩᠭᠤᠭᠤᠯᠢ ᠶᠢᠨ ᠠᠷᠠᠳ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃
     ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ ᠲᠡᠳᠡ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠶ ᠣᠶᠢᠯᠠᠭᠠᠭᠰᠠᠨ ᠪᠥᠭᠡᠳ ᠰᠣᠩᠭᠤᠭᠤᠯᠢ ᠶᠢᠨ ᠠᠷᠠᠳ ᠪᠣᠯᠤᠭᠰᠠᠨ ᠤ ᠬᠤᠪᠢ ᠳᠤ ᠬᠤᠭᠤᠴᠠᠭ᠎ᠠ ᠰᠣᠯᠢᠬᠤ ᠰᠣᠩᠭᠤᠭᠤᠯᠢ ᠳᠤ ᠬᠡᠷᠬᠢᠨ ᠣᠷᠣᠯᠴᠠᠵᠤ ᠥᠪᠡᠷ ᠤᠨ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠬᠦ ᠶᠢ ᠲᠣᠳᠣᠷᠬᠠᠶᠢᠯᠠᠵᠤ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠭᠦᠢᠴᠡᠳ ᠬᠠᠷᠠᠭᠤᠯᠤᠭᠰᠠᠨ ᠪᠠᠶᠢᠨ᠎ᠠ ᠭᠡᠵᠦ ᠠᠵᠢᠯᠯᠠᠭ᠎ᠠ ᠳᠤ ᠣᠷᠣᠯᠴᠠᠭᠰᠠᠨ ᠰᠣᠩᠭᠤᠭᠤᠯᠢ ᠶᠢᠨ ᠠᠷᠠᠳ ᠣᠯᠠᠨ ᠢᠯᠡᠷᠬᠡᠶᠢᠯᠡᠵᠡᠶ᠃      ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠲᠣᠭᠲᠠᠬᠤ ᠰᠢᠶᠠᠨ ᠬᠤᠭᠤᠴᠠᠭ᠎ᠠ ᠰᠣᠯᠢᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠢᠮᠠᠭᠲᠠ ᠴᠢᠩᠳᠠᠯᠠᠵᠤ᠂ ᠰᠣᠩᠭᠤᠭᠤᠯᠢ ᠶᠢᠨ ᠠᠵᠢᠯᠯᠠᠬᠤ ᠲᠦᠷᠢᠮ ᠢ ᠴᠢᠩᠳᠠᠯᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠪᠠ ᠬᠡᠪ ᠰᠤᠷᠲᠠᠯ ᠤᠨ ᠤᠬᠠᠭᠤᠯᠭ᠎ᠠ ᠬᠥᠮᠦᠵᠢᠯ ᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1