ᠲᠣᠭᠲᠠᠬᠤ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠲᠣᠮᠢᠯᠠᠨ ᠰᠠᠭᠤᠯᠭᠠᠬᠤ ᠲᠣᠰᠬᠤᠨ ᠤ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/9/30
      ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ 9 ᠳ᠋ᠤᠭᠡᠷ ᠰᠠᠷ᠎ᠠ ᠶᠢᠨ 28 ᠤ ᠡᠳᠦᠷ᠂ ᠲᠣᠭᠲᠠᠬᠤ ᠰᠢᠶᠠᠨ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠭᠦᠯᠵᠢᠯᠡᠨ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ᠂ ᠠᠵᠢᠯᠯᠠᠬᠤ ᠠᠩᠬᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠬᠢ ᠶᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢ ᠦᠷᠭᠦᠯᠵᠢᠯᠡᠨ ᠰᠣᠩᠭᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠳᠠᠲᠤ ᠬᠡᠷᠡᠭᠴᠡᠭᠡ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠴᠢᠬᠤᠯᠠ ᠠᠷᠭ᠎ᠠ ᠵᠠᠮ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠪᠦᠲᠦᠮᠵᠢᠲᠡᠢ ᠭᠠᠷᠳᠠᠴᠠ ᠮᠥᠨ᠂ ᠬᠥᠮᠦᠨ ᠰᠣᠩᠭᠤᠨ ᠲᠣᠮᠢᠯᠠᠬᠤ ᠳᠠᠭᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠡᠢ᠃
     ᠬᠤᠷᠠᠯ ᠠᠴᠠ ᠱᠠᠭᠠᠷᠳᠠᠭᠰᠠᠨ ᠨᠢ᠂ ᠲᠣᠰᠬᠤᠨ ᠳᠤ ᠰᠠᠭᠤᠭ᠎ᠠ ᠺᠠᠳ᠋ᠷᠴᠤᠳ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠶᠢ ᠠᠬᠢᠭᠤᠯᠬᠤ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠪᠦᠲᠦᠭᠡᠬᠦ ᠳᠤ ᠦᠢᠯᠡᠴᠢᠯᠡᠬᠦ︾ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠮᠢᠯᠠᠨ ᠰᠠᠭᠤᠯᠭᠠᠭᠰᠠᠨ ᠲᠣᠰᠬᠤᠨ ᠤ ᠠᠳᠠᠯᠢ ᠪᠤᠰᠤ ᠪᠠᠶᠢᠳᠠᠯ ᠳᠤ ᠰᠠᠭᠤᠷᠢᠯᠠᠨ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠲᠣᠮᠢᠯᠠᠨ ᠰᠠᠭᠤᠯᠭᠠᠬᠤ ᠲᠣᠰᠬᠤᠨ ᠳᠤ ᠠᠯᠤᠰ ᠬᠡᠳᠤ ᠶᠢᠨ ᠬᠥᠭᠵᠢᠯᠲᠡ ᠶᠢ ᠡᠷᠢᠯᠬᠢᠯᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠡᠯ᠎ᠡ ᠵᠦᠢᠯ ᠤᠨ ᠡᠭᠦᠷᠭᠡ ᠶᠢ ᠪᠠᠭ᠎ᠠ ᠶᠢ ᠴᠦ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1