ᠥᠪᠡᠷᠲᠡᠭᠡᠨ ᠵᠠᠰᠠᠬᠤ ᠣᠷᠣᠨ ᠤ ᠰᠢᠮᠳᠠᠭᠤᠤᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠢᠷᠡᠵᠤ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠳᠠ ᠶᠢ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2021/9/30
      9 ᠳ᠋ᠤᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃ ᠰᠢᠶᠠᠨ ᠤ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠤᠳᠤᠷᠢᠳᠬᠤ ᠳᠤᠭᠤᠶᠢᠯᠠᠩ ᠤᠨ ᠭᠤᠣᠯ ᠪᠦᠷᠢᠯᠳᠦᠬᠦᠨi ᠨᠢᠭᠡᠴᠢ ᠣᠷᠣᠯᠴᠠᠪᠠ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯ ᠪᠦᠷᠢᠯᠳᠦᠬᠦᠨ ᠨᠢᠭᠡᠴᠢ ᠶᠢᠨ ᠬᠠᠩᠭᠠᠭᠰᠠᠨ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠦᠵᠡᠵᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ᠂ ᠪᠣᠯᠪᠠᠰᠤᠷᠠᠭᠤᠯᠤᠯ᠂ ᠲᠠᠭᠯᠠᠨ ᠮᠡᠳᠡᠭᠦᠯᠬᠦ᠂ ᠶᠠᠰᠤ ᠴᠢᠨᠠᠷ ᠤᠨ ᠪᠠᠶᠢᠴᠠᠭᠠᠯᠲᠠ ᠵᠢᠴᠢ ᠬᠢᠨᠠᠨ ᠬᠠᠷᠭᠤᠭᠤᠯᠤᠯᠲᠠ ᠶᠢᠨ ᠲᠤᠬᠠᠢ ᠯᠠᠪᠯᠠᠨ ᠠᠰᠠᠭᠤᠭᠰᠠᠨ ᠪᠥᠭᠡᠳ ᠲᠡᠦᠬᠡ ᠶᠢᠨ ᠭᠠᠮᠰᠢᠭ ᠤᠨ ᠮᠡᠳᠡᠭᠡ ᠵᠠᠩᠭᠢ ᠵᠡᠷᠭᠡ ᠪᠣᠳᠠᠲᠠᠢ ᠲᠤᠬᠠᠶᠢᠯᠠᠭᠰᠠᠨ ᠠᠵᠢᠯ ᠳᠤ ᠵᠢᠯᠤᠭᠤᠳᠤᠯᠭ᠎ᠠ ᠥᠭᠴᠡᠢ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠤ ᠬᠠᠨ ᠮᠠᠨ ᠤ ᠰᠢᠶᠠᠨ ᠢ ᠲᠥᠯᠥᠭᠡᠯᠡᠨ ᠠᠵᠢᠯ ᠤᠨ ᠶᠠᠷᠢᠶ᠎ᠠ ᠲᠠᠯᠪᠢᠵᠤ᠂ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠣᠳᠣᠬᠢ ᠱᠠᠲᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠳᠤ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠣᠳᠠᠲᠠᠶ ᠠᠵᠢᠯ ᠤᠨ ᠪᠠᠶᠢᠳᠠᠯ ᠳᠤ ᠴᠢᠭᠯᠡᠭᠦᠯᠦᠨ ᠯᠠᠪᠯᠠᠨ ᠠᠰᠠᠭᠤᠵᠠᠶ᠃ ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠤᠳᠤᠷᠢᠳᠤᠯᠭ᠎ᠠ ᠵᠢᠴᠢ ᠬᠤᠲᠠ ᠶᠢᠨ ᠤᠳᠤᠷᠢᠳᠤᠯᠭ᠎ᠠ ᠮᠠᠨ ᠤ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠨᠤᠲᠠᠯᠠᠭᠰᠠᠨ ᠤ ᠬᠠᠮᠲᠤ ᠪᠠᠰᠠ ᠪᠣᠳᠠᠲᠠᠶ ᠠᠵᠢᠯ ᠤᠨ ᠠᠰᠠᠭᠤᠳᠠᠯ ᠳᠤ ᠵᠢᠯᠣᠭᠤᠳᠣᠯᠭ᠎ᠠ ᠪᠠ ᠰᠠᠨᠠᠭᠤᠯᠭ᠎ᠠ ᠥᠭᠭᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ ᠪᠥᠬᠦ ᠠᠵᠢᠯᠲᠠᠨ ᠢ ᠳᠠᠶᠢᠴᠢᠯᠠᠨ᠂ ᠬᠦᠴᠦ ᠪᠠᠨ ᠬᠠᠮᠲᠤᠳᠬᠠᠨ ᠪᠤᠭᠤᠮᠳᠠ ᠰᠢᠪᠳᠤᠯᠠᠵᠦ᠂ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1