ᠲᠣᠭᠲᠠᠬᠤ ᠰᠢᠶᠠᠨ ᠤ ᠶᠣᠰᠣ ᠰᠤᠷᠲᠠᠬᠤᠨ ᠤ ᠵᠢᠱᠢᠶᠡᠴᠢ ᠶᠢᠨ ᠲᠣᠭᠤᠷᠢᠨ ᠲᠠᠶᠢᠯᠤᠮᠵᠢ ᠬᠢᠬᠦ ᠠᠵᠢᠯᠯᠠᠭ᠎ᠠ ᠭᠦ᠋ ᠴᠧᠩ ᠪᠠᠯᠭᠠᠰᠤᠨ ᠳᠤ  ᠢᠷᠡᠪᠡ
ᠨᠡᠶᠢᠲᠡᠯᠡᠭᠰᠡᠨ ᠴᠠᠭ᠄
2021/9/5
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠰᠤᠷᠤᠯᠴᠠᠨ ᠤᠬᠠᠭᠤᠯᠵᠤ ᠲᠤᠤᠱᠯᠠᠭᠤᠯᠵᠤ᠂ ᠭᠦ᠋ ᠴᠧᠩ ᠪᠠᠯᠭᠠᠰᠤ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤ ᠵᠢᠱᠢᠶᠡᠴᠢ ᠶᠢᠨ  ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠪᠠᠯᠭᠠᠰᠤ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠦᠯᠦᠭᠡ᠂ 8 ᠳ᠋ᠤᠭᠠᠷ ᠰᠠᠷ᠎ᠠ ᠶᠢᠨ 27 ᠤ ᠡᠳᠦᠷ᠂  ᠭᠦ᠋ ᠴᠧᠩ ᠪᠠᠯᠭᠠᠰᠤᠨ ᠳᠤ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠬᠤᠶᠢᠲᠤ ᠭᠦᠸᠧ ᠰᠢᠶᠠᠨ ᠶᠢᠩ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠭᠲᠠᠬᠤ ᠰᠢᠶᠠᠨ ᠤ ᠬᠤᠶᠠᠳᠤᠭᠠᠷ ᠬᠤᠭᠤᠴᠠᠭᠠᠨ ᠤ ᠠᠵᠢᠯ ᠦᠢᠯᠡᠰ ᠢᠶᠠᠨ ᠳᠡᠭᠡᠳᠦᠯᠡᠵᠦ ᠶᠣᠰᠣ ᠰᠤᠷᠲᠠᠬᠤᠨ ᠤ ᠵᠢᠱᠢᠶᠡᠴᠢ ᠵᠠᠩ ᠵᠧᠨ ᠬᠤᠸᠠ ᠤᠬᠠᠭᠤᠯᠤᠨ ᠲᠠᠶᠢᠯᠪᠤᠷᠢᠯᠠᠵᠤ᠂ ᠡᠯ᠎ᠡ ᠲᠣᠰᠬᠤᠨ ᠤ ᠺᠠᠳ᠋ᠷ ᠬᠤᠷᠠᠯ ᠳᠤ ᠣᠷᠣᠯᠴᠠᠨ ᠰᠣᠨᠣᠰᠴᠠᠢ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠵᠠᠩ ᠵᠧᠨ ᠬᠤᠸᠠ ᠲᠡᠭᠦᠨ ᠤ ᠶᠠᠳᠠᠭᠤ ᠠᠴᠠ ᠠᠩᠭᠢᠵᠢᠷᠠᠭᠤᠯᠬᠤ ᠡᠮᠦᠨ᠎ᠡ ᠹᠷᠣᠨᠲ ᠲᠤ ᠪᠠᠶᠢᠭᠰᠠᠨ ᠥᠪᠡᠷ ᠤᠨ ᠪᠡᠶ᠎ᠡ ᠶᠢᠨ ᠥᠩᠭᠡᠷᠡᠯᠲᠡ ᠪᠠ ᠥᠪᠡᠷ ᠤᠨ ᠲᠦᠷᠦᠭᠳᠡᠯ ᠢᠶᠠᠨ ᠶᠠᠷᠢᠪᠠ᠃ ᠲᠡᠷᠡ ᠶᠠᠳᠠᠭᠤᠷᠠᠭᠰᠠᠨ ᠰᠢᠯᠲᠠᠭᠠᠨ ᠢ ᠦᠨᠳᠦᠰᠦᠯᠡᠨ᠂ ᠶᠠᠳᠠᠭᠤ ᠬᠦᠴᠢᠷᠳᠡᠯᠲᠡᠢ ᠡᠷᠦᠬᠡ ᠳᠤ ᠠᠳᠠᠯᠢ ᠪᠤᠰᠤ ᠶᠢᠨ ᠶᠠᠳᠠᠭᠤ ᠶᠢ ᠲᠡᠳᠬᠦᠬᠦ ᠠᠷᠭ᠎ᠠ ᠶᠢ ᠬᠡᠷᠡᠭᠯᠡᠵᠡᠢ᠃ ᠵᠢᠱᠢᠶᠡᠯᠡᠪᠡᠯ᠂ ᠶᠠᠳᠠᠭᠤ ᠬᠦᠴᠢᠷᠳᠡᠯ ᠲᠠᠢ ᠡᠷᠦᠬᠡ ᠳᠤ ᠣᠶᠤᠨ ᠰᠠᠨᠠᠭᠠᠨ ᠤ ᠬᠥᠮᠦᠵᠢᠯ ᠬᠢᠵᠦ ᠲᠡᠳᠡᠨ ᠤ ᠶᠠᠳᠠᠭᠤ ᠠᠴᠠ ᠠᠩᠭᠢᠵᠢᠷᠠᠬᠤ ᠶᠢ ᠵᠣᠷᠢᠭᠵᠢᠭᠤᠯᠵᠤ᠂ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠤᠨ ᠠᠵᠢᠯ ᠡᠷᠢᠭᠦᠯᠵᠦ᠂ ᠪᠠᠰᠠ ᠡᠪᠡᠳᠴᠢᠨ ᠲᠠᠢ ᠶᠠᠳᠠᠭᠤ ᠬᠦᠴᠢᠷᠳᠡᠯ ᠲᠠᠢ ᠡᠷᠦᠬᠡ ᠳᠤ ᠪᠠᠷ᠎ᠠ ᠪᠣᠯᠵᠤ ᠡᠮᠨᠡᠭᠦᠯᠦᠭᠡᠳ᠂ ᠲᠡᠳᠡᠨ ᠳᠤ ᠳᠠᠩᠰᠠ ᠲᠠᠶᠢᠯᠬᠤ ᠤᠴᠢᠷ ᠶᠠᠪᠤᠳᠠᠯ ᠢ ᠰᠢᠳᠪᠦᠷᠢᠯᠡᠵᠦ᠂ ᠶᠠᠳᠠᠭᠤ ᠬᠦᠴᠢᠷᠳᠡᠯ ᠲᠠᠢ ᠡᠷᠦᠬᠡ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠵᠤ ᠦᠭᠭᠦᠪᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠂ ᠶᠠᠳᠠᠭᠤ ᠬᠦᠴᠢᠷᠳᠡᠯᠲᠡᠶ ᠡᠷᠦᠬᠡ ᠳᠤ ᠶᠠᠳᠠᠭᠤ ᠶᠢ ᠲᠡᠳᠬᠦᠬᠦ ᠬᠤᠨᠢ ᠬᠤᠳᠠᠯᠳᠤᠨ ᠠᠪᠴᠤ ᠥᠭᠬᠦ᠂ ᠦᠵᠦᠮ ᠳᠠᠷᠢᠵᠤ ᠶᠠᠳᠠᠭᠤ ᠶᠢ ᠲᠡᠳᠬᠦᠬᠦ ᠲᠥᠷᠥᠯ ᠵᠦᠢᠯ ᠢ ᠶᠡᠬᠡᠪᠡᠷ ᠬᠥᠭᠵᠢᠭᠦᠯᠬᠦ᠂ ᠬᠠᠶᠢᠷ᠎ᠠ ᠬᠠᠯᠠᠮᠵᠢ ᠬᠦᠷᠲᠡᠭᠡᠬᠦ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠲᠠᠢ ᠬᠠᠷᠢᠯᠴᠠᠵᠤ ᠬᠠᠨᠳᠢᠪᠯᠠᠬᠤ ᠵᠡᠷᠭᠡ ᠠᠵᠢᠯ ᠢ ᠬᠢᠬᠦ ᠶᠢᠨ ᠬᠠᠮᠲᠤ᠂ ᠲᠣᠰᠬᠤᠨ ᠤ ᠺᠠᠳ᠋ᠷᠴᠤᠳ ᠤᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠶᠢ ᠵᠤᠷᠢᠭᠵᠢᠭᠤᠯᠪᠠ᠃ ᠲᠡᠭᠦᠨ ᠤ ᠪᠣᠷᠣᠭᠵᠢᠭᠤᠨ ᠦᠭᠡ ᠶᠠᠷᠢᠶ᠎ᠠ ᠨᠢ ᠬᠥᠮᠦᠰ ᠤᠨ ᠰᠡᠳᠬᠢᠯ ᠢ ᠬᠥᠳᠡᠯᠭᠡᠵᠦ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠶᠠᠳᠠᠭᠤ ᠶᠢ ᠲᠡᠳᠬᠦᠬᠦ ᠺᠠᠳ᠋ᠷᠴᠤᠳ ᠤᠨ ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠬᠦ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠤᠯᠠᠨ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠥᠷᠭᠡᠨ ᠤᠯᠠᠨ ᠬᠥᠳᠡᠭᠡ ᠲᠣᠰᠬᠤᠨ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠠᠪᠴᠢᠷᠠᠵᠤ᠂ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠢᠳᠡᠪᠬᠢ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠴᠤᠭ ᠰᠦᠯᠳᠡ ᠶᠢ ᠨᠢ ᠪᠠᠳᠠᠷᠠᠭᠤᠯᠵᠤ᠂ ᠨᠠᠮ ᠢᠶᠠᠨ ᠲᠠᠭᠠᠬᠤ ᠢᠲᠡᠭᠡᠯ ᠵᠣᠷᠢᠭ ᠢ ᠨᠢ ᠪᠠᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠢ ᠭᠦᠨᠵᠡᠭᠡᠢ ᠣᠶᠢᠯᠠᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1