ᠴᠠᠭᠠᠨ ᠰᠠᠷ᠎ᠠ ᠪᠣᠯᠬᠤ ᠭᠡᠵᠦ ᠪᠠᠶᠢᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠠᠨ ᠤ ᠰᠢᠶᠠᠨ ᠤ | ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠲᠠᠢ | ᠬᠠᠮᠵᠢᠯᠴᠠᠨ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠦᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠶᠢᠨ ᠰᠤᠭᠤᠴᠢᠨ | ᠪᠠᠶᠢᠴᠠᠭᠠᠯᠲᠠ ᠨᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠣᠨᠴᠠᠯᠢᠭ ᠲᠤ ᠴᠢᠭᠯᠡᠭᠦᠯᠦᠨ᠂ | ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ | ᠨᠡᠶᠢᠲᠡ 19 ᠪᠦᠯᠦᠭ ᠤᠳᠠᠭ᠎ᠠ ᠰᠤᠭᠤᠴᠢᠨ ᠪᠠᠶᠢᠴᠠᠭᠠᠯᠲᠠ ᠬᠢᠪᠠ᠂ ᠡᠭᠦᠨ ᠳᠤ ᠭᠦᠢᠯᠭᠡᠭᠡᠨ ᠤ ᠭᠤᠭᠴᠤᠭ᠎ᠠ 14 | ᠪᠦᠯᠦᠭ ᠤᠳᠠᠭ᠎ᠠ᠂ ᠢᠳᠡᠭᠡᠨ ᠤᠮᠳᠠᠭᠠᠨ ᠤ ᠭᠤᠭᠴᠤᠭ᠎ᠠ 5 ᠪᠦᠯᠦᠭ ᠤᠳᠠᠭ᠎ᠠ ᠪᠣᠶ᠃ ᠢᠳᠡᠭᠡᠨ ᠤᠮᠳᠠᠭᠠᠨ ᠤ | ᠭᠤᠭᠴᠤᠭ᠎ᠠ ᠳᠤ ᠢᠰᠬᠡᠭᠰᠡᠨ ᠭᠤᠯᠢᠷ ᠤᠨ ᠪᠦᠲᠦᠭᠡᠭᠳᠡᠬᠦᠨ᠂ ᠬᠠᠯᠠᠭᠤᠨ ᠲᠣᠭᠤᠭᠠᠨ ᠤ ᠮᠠᠲ᠋ᠧᠷᠢᠶᠠᠯ᠂ ᠲᠣᠰᠣᠨ ᠳᠤ | ᠪᠤᠴᠠᠯᠭᠠᠭᠰᠠᠨ ᠭᠤᠯᠢᠷ ᠪᠦᠲᠦᠭᠡᠭᠳᠡᠬᠦᠨ᠂ ᠢᠳᠡᠭᠡᠨ ᠤᠮᠳᠠᠭᠠᠨ ᠤ ᠬᠡᠷᠡᠭᠰᠡᠯ ᠵᠡᠷᠭᠡ ᠶᠢ ᠰᠣᠩᠭᠤᠨ ᠪᠠᠶᠢᠴᠠᠭᠠᠬᠤ | ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠬᠤ ᠶᠢᠨ ᠬᠠᠮᠲᠤ ᠡᠳᠦᠷ ᠲᠤᠳᠤᠮ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠣᠯᠤᠨ ᠬᠡᠷᠡᠭᠯᠡᠭᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ | ᠬᠠᠨᠳᠤᠯᠭᠠᠲᠤ ᠴᠢᠨᠠᠷ ᠢ ᠳᠡᠭᠡᠭᠰᠢᠯᠡᠭᠦᠯᠵᠦ᠂ ᠰᠣᠩᠭᠤᠨ ᠪᠠᠶᠢᠴᠠᠭᠠᠬᠤ ᠲᠦᠷᠦᠯ ᠵᠦᠢᠯ ᠢ ᠥᠷᠭᠡᠳᠬᠡᠵᠦ᠂ ᠰᠣᠩᠭᠤᠨ | ᠪᠠᠶᠢᠴᠠᠭᠠᠬᠤ ᠣᠷᠣᠨ ᠪᠦᠰᠡ ᠶᠢᠨ ᠬᠡᠪᠴᠢᠶ᠎ᠡ ᠶᠢ ᠮᠠᠨ ᠤ ᠰᠢᠶᠠᠨ ᠤ ᠬᠠᠷᠢᠶ᠎ᠠ ᠲᠣᠭᠤᠷᠢᠭ ᠲᠤ ᠬᠠᠮᠤᠷᠤᠭᠤᠯᠵᠤ᠂ | ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠬᠠᠮᠠᠭᠠᠯᠠᠪᠠ᠃ ᠲᠠᠷᠠᠭᠠᠴᠢ ᠶᠢᠨ | ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶ᠎ᠠ | ᠣᠷᠣᠨ ᠤ ᠪᠠᠨ ᠢᠳᠡᠭᠡᠨ ᠤ ᠵᠦᠢᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠤᠷ ᠲᠣᠭᠲᠠᠭᠤᠨ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠬᠠᠩᠭᠠᠬᠤ ᠪᠤᠯᠤᠨ᠎ᠠ᠃ |