ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 29 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/11
     1 ᠳ᠋ᠤᠭᠡᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 29 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠨᠠᠮ ᠤᠨ ᠬᠤᠷᠢᠶ᠎ᠠ᠂ ᠰᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠬᠤᠷᠢᠶ᠎ᠠ᠂ ᠶᠢᠨ ᠾᠧ ᠠᠮᠢᠳᠤ ᠪᠣᠳᠠᠰ ᠤᠨ ᠺᠣᠮᠫᠠᠨᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠤ 2021 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠦᠷᠨᠢᠭᠦᠯᠢᠭᠰᠡᠨ ᠪᠠᠶᠢᠳᠠᠯ ᠤᠨ ᠲᠤᠬᠠᠢ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠠᠢ᠃ ᠤᠯᠠᠨ ᠢᠶᠠᠷ ᠢᠶᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠮᠵᠢᠯᠲᠠ ᠪᠠᠨ ᠪᠦᠬᠦ ᠲᠠᠯ᠎ᠠ ᠪᠠᠷ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠲᠣᠭᠲᠠᠭᠠᠵᠠᠢ᠃ ᠯᠢ ᠴᠦᠨ ᠶᠠᠨ ᠨᠢᠭᠡᠳ ᠨᠢᠭᠡ ᠪᠠᠷ ᠦᠨᠡᠯᠡᠯᠲᠡ ᠬᠢᠵᠦ᠂ ᠠᠵᠢᠯ ᠤᠨ ᠬᠢᠯᠠᠰ ᠴᠢᠭ ᠪᠣᠯᠤᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠰᠢᠭᠤᠳ ᠰᠢᠯᠤᠭᠤᠨ ᠢᠶᠠᠷ ᠵᠢᠭᠠᠨ ᠭᠠᠷᠭᠠᠵᠤ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠪᠣᠳᠠᠲᠠᠢ ᠱᠠᠭᠠᠷᠳᠠᠯᠭ᠎ᠠ ᠶᠢ ᠳᠤᠷᠠᠳᠤᠭᠰᠠᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠮᠠᠨ ᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠰᠢᠶᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠲᠠᠢ ᠪᠣᠯᠬᠤ ᠶᠢ ᠠᠬᠢᠭᠤᠯᠤᠨ᠎ᠠ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠵᠤ᠂ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠶᠢᠨ ᠳᠤᠮᠳᠠ ᠳᠠᠪᠲᠠᠯᠲᠠ ᠶᠢᠨ ᠰᠢᠯᠭᠠᠯᠲᠠ ᠶᠢ ᠳᠠᠭᠠᠭᠠᠵᠤ᠂ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠠᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠡᠨᠡ ᠵᠢᠯ ᠬᠤᠷᠠᠯᠳᠤᠬᠤ ᠪᠠᠷ ᠪᠤᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠨᠢ ᠲᠦᠢᠯ ᠤᠨ ᠴᠢᠬᠤᠯᠠ ᠶᠤᠮ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠣᠳᠠᠲᠠᠶ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠦᠨᠳᠦᠷᠴᠡ ᠳᠤ ᠵᠣᠭᠰᠣᠵᠤ᠂ ᠢᠮᠠᠭᠲᠠ ᠦᠨᠳᠦᠰᠦᠨ ᠱᠠᠳᠤ ᠶᠢ ᠠᠳᠬᠤᠬᠤ᠂ ᠰᠠᠭᠤᠷᠢ ᠶᠢ ᠲᠠᠯᠪᠢᠬᠤ ᠶᠢ ᠠᠯᠤᠰ ᠬᠡᠳᠦ ᠶᠢᠨ ᠪᠤᠳᠤᠯᠭ᠎ᠠ ᠪᠠ ᠦᠨᠳᠦᠰᠦ ᠶᠢ ᠪᠠᠬᠢᠵᠢᠭᠦᠯᠬᠦ ᠪᠤᠳᠤᠯᠭ᠎ᠠ ᠪᠣᠯᠭᠠᠵᠤ᠂ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠭᠤᠣᠯᠳᠠᠯᠭ᠎ᠠ ᠶᠢ ᠠᠳᠬᠤᠵᠤ ᠂ ᠳᠤᠲᠠᠭᠤᠳᠠᠯ ᠢ ᠨᠥᠬᠦᠪᠥᠷᠢᠯᠡᠵᠦ᠂ ᠬᠦᠴᠦᠷᠬᠡᠭ ᠪᠠᠭᠤᠷᠠᠢ ᠵᠦᠢᠯ ᠢ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠤ ᠵᠣᠬᠢᠶᠠᠨ ᠪᠠᠶᠢᠭᠤᠯᠬᠤ ᠬᠦᠴᠦᠨ ᠪᠠ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠢᠮᠠᠭᠲᠠ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠬᠤᠶᠠᠷ ᠢ ᠬᠠᠮᠠᠭᠠᠯᠠᠬᠤ︾ ᠶᠢ ᠦᠨᠡᠨ ᠬᠦ ᠤᠯᠤᠰ ᠲᠦᠷᠦ ᠶᠢᠨ ᠪᠠᠷᠢᠮᠵᠢᠶ᠎ᠠ ᠪᠠ ᠠᠵᠢᠯ ᠤᠨ ᠪᠠᠷᠢᠮᠵᠢᠶ᠎ᠠ ᠪᠣᠯᠭᠠᠵᠤ᠂ ᠠᠵᠢᠯ ᠤᠨ ᠲᠠᠯ᠎ᠠ ᠪᠦᠬᠦᠨ ᠳᠤ ᠲᠤᠤᠱᠯᠠᠭᠤᠯᠬᠤ ᠬᠡᠷᠡᠭᠲᠡᠶ᠃ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠪᠠᠷ ᠠᠵᠢᠯ ᠢᠶᠠᠨ ᠵᠢᠯᠣᠭᠤᠳᠴᠤ᠂ ᠠᠬᠢᠭᠤᠯᠵᠤ᠂ ᠬᠡᠮᠵᠢᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠴᠡᠴᠡᠭᠯᠡᠨ ᠵᠢᠮᠢᠰᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠭᠠᠵᠤ᠂ ᠪᠣᠳᠠᠲᠠᠢ ᠲᠠᠢ ᠪᠠᠨ ᠤᠶᠠᠯᠳᠤᠭᠤᠯᠵᠤ᠂ ᠰᠤᠷᠤᠯᠴᠠᠬᠤ ᠲᠠᠪᠴᠠᠩ ᠢ ᠪᠠᠶᠢᠭᠤᠯᠵᠤ᠂ ᠦᠢᠯᠡᠳᠦᠯᠭᠡ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠳᠤ ᠬᠠᠳᠠᠩᠰᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶ᠎ᠡ ᠲᠠᠢ ᠨᠢᠭᠲᠠ ᠤᠶᠠᠯᠳᠤᠭᠤᠯᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠵᠤ ᠪᠦᠬᠦ ᠲᠠᠯ᠎ᠠ ᠪᠠᠷ ᠰᠢᠯᠭᠠᠷᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠶᠡᠭᠡ ᠶᠣᠰᠣ ᠮᠣᠷᠠᠯ ᠢ ᠮᠡᠳᠡᠵᠦ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠮᠣᠷᠠᠯ ᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠬᠢᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠰᠠᠶᠢᠬᠠᠨ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠲᠠᠢ  ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠡᠭᠦᠷᠭᠡᠯᠡᠵᠦ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠨᠠᠮ ᠤᠨ ᠪᠠᠶᠢᠭᠤᠯᠤᠯᠲᠠ ᠶᠢᠨ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠯᠠᠪᠳᠠᠭᠤᠨ ᠪᠠᠲᠤᠲᠠᠢ ᠠᠵᠢᠯ ᠤᠨ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︕  ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠲᠦᠮᠡᠨ᠂ ᠦ᠋ ᠹᠦ᠋ ᠵᠦᠩ᠂ ᠵᠢᠢ ᠶᠠ ᠨᠠᠨ ᠠᠵᠢᠯ ᠤᠨ ᠬᠤᠪᠢᠶᠠᠷᠢᠯᠠᠯ ᠪᠠ ᠡᠩ ᠤᠨ ᠦᠶ᠎ᠡ ᠶᠢᠨ ᠡᠵᠡᠮᠰᠢᠭᠰᠡᠨ ᠪᠠᠶᠢᠳᠠᠯ ᠲᠠᠢ ᠪᠠᠨ ᠤᠶᠠᠯᠳᠤᠭᠤᠯᠤᠨ ᠲᠤᠰᠢᠶᠠᠯ ᠤᠨ ᠮᠡᠳᠡᠭᠦᠯᠦᠯᠲᠡ ᠬᠢᠬᠦ ᠳᠤ ᠣᠷᠣᠯᠴᠠᠭᠰᠠᠨ ᠨᠠᠮ ︵ᠠᠵᠢᠯᠴᠢᠨ︶ ᠤᠨ ᠬᠤᠷᠢᠶ᠎ᠠ ᠶᠢᠨ ᠱᠦᠵᠢ ᠳᠤ ᠲᠡᠰ ᠳᠠᠷᠠᠭᠠᠯᠠᠨ ᠲᠣᠪᠴᠢ ᠦᠨᠡᠯᠡᠯᠲᠡ ᠬᠢᠵᠡᠢ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠸᠠᠩ ᠮᠢᠩ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠪᠠᠶᠢᠭᠤᠯᠤᠯᠲᠠ ᠶᠢᠨ ᠨᠠᠷᠢᠨ ᠪᠢᠴᠢᠭ ᠤᠨ ᠰᠠᠯᠠᠭᠠᠨ ᠤ ᠵᠣᠣ ᠴᠦᠨ ᠯᠢᠨ ᠨᠥᠬᠦᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1