ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠵᠤ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠪᠠᠶᠢᠷᠢᠯᠠᠭᠤᠯᠤᠯᠳᠠ ᠲᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2022/1/11
      1 ᠳ᠋ᠤᠭᠡᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 30 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠲᠠᠪᠤᠳᠤᠭᠠᠷ᠂ ᠵᠢᠷᠭᠤᠳᠤᠭᠠᠷ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠪᠠ᠃
     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠣᠳᠣᠬᠠᠨ ᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠬᠡᠷᠡᠭᠲᠡᠢ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠠᠴᠠ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠠᠯᠪᠢᠭᠰᠠᠨ ᠱᠠᠭᠠᠷᠳᠠᠯᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠳᠥᠷᠪᠡᠨ ᠨᠡᠩ ᠶᠡᠭᠡ︾ ᠶᠢᠨ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠭᠤᠷᠪᠠᠨ ᠬᠤᠳᠠ︾ ᠶᠢ ᠴᠢᠷᠮᠠᠶᠢᠨ ᠡᠭᠦᠳᠴᠦ᠂ ︽ᠳᠦᠷᠪᠡᠨ ᠣᠷᠣᠨ ᠪᠦᠰᠡ ᠶᠢᠨ ᠲᠥᠪ︾ ᠢ ᠴᠣᠭᠴᠠᠯᠠᠨ᠂ ︽ᠳᠦᠷᠪᠡᠨ ᠶᠡᠭᠡ ᠠᠵᠤ ᠠᠬᠤᠢ ᠶᠢᠨ ᠬᠦᠷᠢᠶ᠎ᠡ︾ ᠳᠤ ᠠᠭᠤᠰᠤᠯᠴᠠᠬᠤ ᠶᠢ ᠠᠬᠢᠭᠤᠯᠵᠤ᠂ ︽ᠲᠠᠪᠤᠨ ᠲᠣᠬᠢᠷᠠᠮᠵᠢᠲᠠᠢ ᠬᠤᠳᠠ︾ ᠶᠢ ᠪᠦᠳᠦᠭᠡᠨ ᠪᠠᠶᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢ ᠪᠤᠶᠢᠵᠢᠭᠤᠯᠬᠤ ᠬᠥᠭᠵᠢᠯᠲᠡ ᠶᠢᠨ ᠬᠠᠷᠠᠯᠲᠠ ᠶᠢ ᠳᠤᠷᠠᠳᠤᠭᠰᠠᠨ ᠪᠠᠶᠢᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠬᠢᠵᠦ᠂ ᠲᠣᠭᠲᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠠᠷᠠᠯᠲᠠ ᠪᠠᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠶ ᠶᠢᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠶᠡᠬᠡᠪᠡᠷ ᠥᠷᠨᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠲᠦᠷᠭᠡᠳᠬᠡᠨ᠂ ᠭᠤᠷᠪᠠᠳᠤᠭᠠᠷ ᠠᠵᠤ  ᠦᠢᠯᠡᠰ ᠤᠨ ᠦᠢᠯᠡᠴᠢᠯᠡᠭᠡᠨ ᠤ ᠦᠢᠯᠡᠰ ᠢ ᠬᠦᠴᠦᠯᠡᠨ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠂ ᠡᠳ᠋ ᠤᠨ ᠵᠠᠰᠠᠭ ᠭᠠᠶᠢᠯᠢ ᠶᠢᠨ ᠪᠠᠲᠤᠯᠠᠭ᠎ᠠ ᠶᠢ ᠴᠢᠩᠭᠠᠳᠬᠠᠵᠤ᠂ 2022 ᠣᠨ ᠤ ᠡᠯ᠎ᠡ  ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠲᠣᠭᠲᠠᠬᠤ ᠰᠢᠶᠠᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠴᠢᠬᠤᠯᠠ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ︔ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠮᠡᠷᠭᠡᠵᠢᠯ ᠢ ᠲᠦᠷᠭᠡᠳᠬᠡᠨ ᠳᠡᠯᠭᠡᠷᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠦᠨᠡᠯᠡᠯᠲᠡ᠂ ᠠᠷᠠᠯᠵᠢᠶᠠᠨ ᠤ ᠰᠢᠰᠲ᠋ᠧᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︔ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦ ᠶᠢᠨ ᠪᠤᠳᠤᠯᠭ᠎ᠠ ᠪᠠ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠲᠦᠷᠢᠮ ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠠᠰᠢᠭᠲᠠᠶ ᠡᠳ᠋ ᠤᠨ ᠵᠠᠰᠠᠭ᠂ ᠭᠠᠶᠢᠯᠢ᠂ ᠦᠨ᠎ᠡ ᠬᠠᠩᠰᠢ᠂ ᠮᠥᠩᠭᠦᠨ ᠭᠦᠢᠯᠭᠡᠭᠡ᠂ ᠭᠠᠵᠠᠷ ᠰᠢᠷᠣᠶ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ︔ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠱᠠᠯᠢᠨ ᠪᠦᠷᠢᠯᠭᠡᠬᠦ ᠶᠢ ᠡᠰᠡᠷᠭᠦᠴᠡᠵᠦ᠂ ᠪᠣᠬᠢᠷᠲᠤᠯ ᠦᠭᠡᠢ ᠶᠠᠪᠤᠵᠤ ᠰᠠᠭᠤᠬᠤ ᠶᠢ ᠵᠣᠷᠢᠭᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠰᠢᠨ᠎ᠡ ᠵᠠᠭᠪᠤᠷ ᠢ ᠪᠤᠢ ᠪᠣᠯᠭᠠᠬᠤ ᠬᠡᠷᠡᠭᠲᠡᠢ︔ ᠠᠮᠢ ᠠᠬᠤᠢ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠣᠯᠤᠨ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠪᠤᠶ ᠪᠦᠬᠦᠢ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠭᠤᠤ ᠵᠧᠩ᠂ ᠰᠦᠨ ᠰᠢᠶᠦ᠋ᠨ᠂ ᠸᠠᠩ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1