ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄ | 2021 ᠣᠨ ᠤ 11 ᠳ᠋ᠤᠭᠡᠷ ᠰᠠᠷ᠎ᠠ ᠶᠢᠨ 30 ᠤ ᠡᠳᠦᠷ᠂ ᠰᠢᠶᠠᠨ ᠤ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ | ᠭᠤᠷᠪᠠᠳᠤᠭᠠᠷ ᠬᠤᠷᠠᠯᠳᠤᠭᠠᠨ ᠠᠴᠠ ︽2020 ᠣᠨ ᠤ ᠤᠯᠤᠰ ᠤᠨ ᠦᠮᠴᠢᠯᠡᠯᠳᠦ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠲᠤᠰᠬᠠᠶ ᠮᠡᠳᠡᠭᠦᠯᠦᠯᠲᠡ︾ ᠪᠠ ︽2020 ᠣᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ | ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠬᠢᠨᠠᠨ ᠵᠥᠪᠯᠡᠭᠰᠡᠨ ᠰᠠᠨᠠᠯ ᠢᠶᠠᠨ ᠳᠤᠷᠠᠳᠤᠭᠰᠠᠨ | ᠪᠠᠶᠢᠨ᠎ᠠ᠃ ᠡᠭᠦᠨ ᠢ ᠰᠢᠶᠠᠨ ᠤ ᠠᠷᠠᠳ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠤᠨ ᠣᠷᠣᠰᠢᠵᠤ ᠪᠠᠶᠢᠭ᠎ᠠ ᠠᠰᠠᠭᠤᠳᠠᠯ ᠢ | ᠨᠠᠷᠢᠨ ᠬᠢᠨᠠᠮᠠᠭᠠᠶ ᠵᠠᠳᠠᠯᠵᠤ᠂ ᠨᠠᠶᠢᠳᠠᠪᠤᠷᠢᠵᠢᠭᠤᠯᠬᠤ ᠠᠷᠭ᠎ᠠ ᠶᠢ ᠰᠤᠳᠤᠯᠤᠨ᠂ ᠠᠵᠢᠯ ᠤᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠢᠨᠠᠨ ᠶᠠᠷᠢᠯᠴᠠᠭᠰᠠᠨ ᠰᠠᠨᠠᠯ ᠢ | ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠤᠳᠤ ᠬᠤᠯᠪᠣᠭᠳᠠᠯ ᠪᠦᠬᠦᠢ | ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄ | ᠳᠤᠷᠠᠳᠤᠭᠰᠠᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠬᠠᠲᠠᠭᠤ | ᠪᠡᠷᠬᠡ᠂ ᠬᠡᠰᠡᠭ ᠠᠵᠤ ᠠᠬᠤᠶᠢᠯᠠᠯ ᠤᠨ ᠥᠷᠢ ᠥᠭᠴᠡᠭᠡᠨ ᠤ ᠳᠠᠷᠤᠭᠠᠰᠤ ᠬᠦᠨᠳᠦ᠂ ᠬᠢᠨᠠᠨ ᠬᠠᠮᠢᠶᠠᠷᠬᠤ ᠲᠦᠪᠰᠢᠨ ᠢ | ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠠᠰᠠᠭᠤᠳᠠᠯ ᠪᠣᠯᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠰᠠᠨᠠᠭᠤᠯᠭ᠎ᠠ ᠳᠤ ᠴᠢᠭᠯᠡᠭᠦᠯᠦᠨ᠂ ᠰᠢᠶᠠᠨ ᠤ ᠠᠷᠠᠳ ᠤᠨ | ᠵᠠᠰᠠᠭ ᠤᠨ ᠣᠷᠳᠣᠨ ᠵᠢᠴᠢ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠢᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠬᠠᠷᠠᠯᠲᠠ ᠶᠢᠨ ᠲᠣᠭᠤᠷᠢᠨ ᠳᠤ᠂ ᠠᠵᠤ | ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠪᠣᠯᠤᠨ᠎ᠠ᠃ ᠨᠢᠭᠡ ᠳᠤ᠂ ᠠᠵᠤ | ᠠᠬᠤᠶ ᠶᠢᠨ ᠠᠵᠢᠯᠯᠠᠭᠠᠨ ᠢ ᠪᠦᠬᠦ ᠬᠦᠴᠦᠨ ᠢᠶᠠᠷ ᠠᠳᠬᠤᠨ᠎ᠠ᠃ ᠠᠵᠤ ᠠᠬᠤᠶᠢᠯᠠᠯ ᠤᠨ ᠠᠵᠤ ᠠᠬᠤᠶ ᠶᠢᠨ | ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠡᠳ᠋ ᠤᠨ | ᠶᠠᠪᠤᠳᠠᠯ ᠤᠨ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠵᠦ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠢᠯᠡᠷᠡᠭᠦᠯᠦᠭᠰᠡᠨ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ | ᠴᠢᠨᠠᠷᠲᠠᠶ ᠠᠰᠠᠭᠤᠳᠠᠯ ᠢ ᠢᠳᠡᠪᠬᠢᠲᠡᠶ ᠪᠠᠷ ᠰᠢᠢᠳᠪᠦᠷᠢᠯᠡᠵᠦ᠂ ᠤᠷᠢᠳᠴᠢᠯᠠᠨ ᠰᠡᠷᠭᠡᠶᠢᠯᠡᠨ᠎ᠡ᠃ ᠬᠤᠶᠠᠷ ᠲᠤ᠂ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠤᠢᠢᠯᠠᠭᠠᠭᠳᠠᠬᠤᠨ᠂ ᠴᠢᠳᠠᠪᠤᠷᠢᠲᠠᠨ᠂ ᠬᠠᠮᠢᠶᠠᠷᠤᠨ ᠡᠵᠡᠮᠳᠡᠬᠦ | ᠠᠷᠭ᠎ᠠ ᠪᠠᠷᠢᠯ᠂ ᠡᠵᠡᠩᠨᠡᠯᠲᠡ ᠶᠢᠨ ᠵᠠᠭᠪᠤᠷ ᠵᠡᠷᠭᠡ ᠲᠠᠯ᠎ᠠ ᠠᠴᠠ ᠭᠠᠷᠳᠠᠵᠦ᠂ ᠠᠵᠤ ᠠᠬᠤᠶᠢᠯᠠᠯ ᠤᠨ ᠡᠵᠡᠩᠨᠡᠯᠲᠡ | ᠬᠠᠮᠢᠶᠠᠷᠤᠯᠲᠠ ᠶᠢᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ | ᠲᠦᠪᠰᠢᠨ᠂ ᠠᠵᠤ ᠠᠬᠤᠢ ᠶᠢᠨ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ | ᠡᠳ᠋ ᠬᠥᠷᠥᠩᠭᠡ ᠶᠢᠨ ᠥᠷᠢ ᠰᠢᠷᠢ ᠶᠢᠨ ᠬᠢᠵᠠᠭᠠᠷᠯᠠᠯ ᠢ ᠴᠢᠩᠭᠠᠳᠬᠠᠨ᠎ᠠ᠃ ᠡᠳ᠋ ᠬᠥᠷᠥᠩᠭᠡ ᠶᠢᠨ ᠥᠷᠢ ᠰᠢᠷᠢ ᠶᠢᠨ | ᠬᠢᠵᠠᠭᠠᠷᠯᠠᠯ ᠤᠨ ᠵᠢᠯᠣᠭᠤᠳᠬᠤ ᠪᠠᠷᠢᠮᠵᠢᠶ᠎ᠠ ᠶᠢ ᠲᠣᠭᠲᠠᠭᠠᠬᠤ᠂ ᠥᠪᠡᠷ ᠢ ᠪᠠᠨ ᠬᠢᠵᠠᠭᠠᠷᠯᠠᠬᠤ ᠪᠠ ᠭᠠᠳᠠᠨ᠎ᠠ ᠠᠴᠠ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠢ ᠶᠡᠬᠡᠲᠡᠶ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠥᠷᠢ ᠰᠢᠷᠢ ᠶᠢᠨ ᠨᠣᠷᠮ᠎ᠠ ᠶᠢ ᠢᠳᠡᠪᠬᠢᠲᠡᠶ ᠯᠠᠪᠳᠠᠭᠤᠨ ᠢᠶᠠᠷ ᠪᠠᠭᠤᠷᠠᠭᠤᠯᠵᠤ᠂ | ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢ ᠰᠢᠷᠢ ᠶᠢᠨ ᠳᠤᠮᠳᠠᠴᠢ ᠨᠣᠷᠮ᠎ᠠ ᠶᠢ ᠵᠣᠬᠢᠬᠤ ᠬᠡᠮᠵᠢᠶ᠎ᠡ ᠪᠠᠷ | ᠪᠠᠭᠤᠷᠠᠭᠤᠯᠬᠤ ᠪᠠᠷ ᠴᠢᠷᠮᠠᠶᠢᠨ᠎ᠠ᠃ ᠲᠦᠷᠪᠡ ᠳᠤ᠂ ᠬᠦᠷᠦᠩᠭᠡ ᠶᠢ ᠬᠠᠮᠢᠶᠠᠷᠬᠤ ᠪᠠᠷ ᠭᠤᠣᠯ ᠪᠣᠯᠭᠠᠵᠤ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠰᠢᠨ᠎ᠡ ᠬᠡᠪ ᠵᠠᠭᠪᠤᠷ ᠪᠠ ᠰᠢᠨ᠎ᠡ | ᠠᠷᠭ᠎ᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠣᠰᠣᠭᠠᠷ᠂ ᠬᠠᠤᠯᠢ ᠶᠣᠰᠣᠭᠠᠷ ᠬᠢᠨᠠᠨ ᠬᠠᠮᠢᠶᠠᠷᠬᠤ᠂ ᠬᠠᠤᠯᠢ ᠶᠣᠰᠣᠭᠠᠷ ᠠᠵᠤ ᠠᠬᠤᠶᠢᠯᠠᠯ ᠢ | ᠵᠠᠰᠠᠬᠤ ᠶᠢ ᠶᠡᠬᠡᠪᠡᠷ ᠳᠥᠯᠭᠢᠨ ᠠᠬᠢᠭᠤᠯᠵᠤ᠂ ᠡᠳ᠋ ᠬᠥᠷᠥᠩᠭᠡ ᠶᠢ ᠬᠠᠮᠢᠶᠠᠷᠴᠤ ᠪᠠᠶᠢᠭᠰᠠᠨ ᠠᠴᠠ ᠪᠠᠨ ᠪᠡᠯᠡ ᠮᠦᠩᠭᠦ | ᠶᠢ ᠬᠠᠮᠢᠶᠠᠷᠬᠤ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ | ᠰᠢᠨᠵᠢᠯᠡᠬᠦ ᠤᠬᠠᠭᠠᠨᠴᠢ ᠴᠢᠨᠠᠷ᠂ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠲᠠᠪᠤ ᠳᠤ᠂ ᠡᠵᠡᠩᠨᠡᠯᠲᠡ ᠶᠢᠨ | ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠲᠥᠪᠯᠡᠷᠡᠭᠦᠯᠦᠨ ᠨᠢᠭᠡᠳᠦᠯᠲᠡᠶ ᠬᠢᠨᠠᠨ ᠬᠠᠮᠢᠶᠠᠷᠬᠤ | ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠡᠵᠡᠩᠨᠡᠯᠲᠡ ᠶᠢᠨ ᠴᠢᠨᠠᠷᠲᠠᠶ ᠤᠯᠤᠰ ᠤᠨ ᠦᠮᠴᠢᠯᠡᠯᠳᠦ ᠡᠳ᠋ | ᠬᠦᠷᠦᠩᠭᠡ ᠶᠢ ᠨᠢᠭᠡᠳᠦᠯᠲᠡᠶ ᠬᠢᠨᠠᠨ ᠬᠠᠮᠢᠶᠠᠷᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠠᠷᠢᠶ᠎ᠠ | ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢ ᠡᠵᠡᠩᠨᠡᠯᠲᠡ ᠶᠢᠨ ᠴᠢᠨᠠᠷᠲᠠᠶ ᠤᠯᠤᠰ ᠤᠨ | ᠦᠮᠴᠢᠯᠡᠯᠳᠦ ᠡᠳ᠋ ᠬᠦᠷᠦᠩᠭᠡ ᠶᠢ ᠲᠥᠪᠯᠡᠷᠡᠭᠦᠯᠦᠨ ᠨᠢᠭᠡᠳᠦᠯᠲᠡᠶ ᠬᠢᠨᠠᠨ ᠬᠠᠮᠢᠶᠠᠷᠬᠤ ᠰᠢᠰᠲ᠋ᠧᠮ ᠳᠤ ᠯᠠᠪᠳᠠᠭᠤᠨ ᠢᠶᠠᠷ | ᠣᠷᠣᠭᠤᠯᠵᠤ᠂ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠬᠡᠪᠴᠢᠶᠠᠨ ᠢ | ᠦᠷᠭᠡᠳᠭᠡᠨ᠎ᠡ᠃ ᠵᠢᠷᠭᠤᠭ᠎ᠠ ᠳᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠦᠷᠭᠦᠯᠵᠢᠯᠡᠨ | ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠤᠨ | ᠦᠮᠴᠢᠯᠡᠯᠳᠦ ᠡᠳ᠋ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠢᠨᠠᠨ | ᠪᠤᠳᠤᠯᠳᠠ ᠶᠢᠨ ᠪᠠᠶᠢᠴᠠᠭᠠᠯᠲᠠ ᠵᠡᠷᠭᠡ ᠰᠠᠭᠤᠷᠢ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠵᠤ᠂ ᠬᠢᠨᠠᠨ | ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ | ᠰᠠᠶᠢᠲᠤᠷ ᠭᠦᠢᠴᠡᠳᠬᠡᠨ᠎ᠡ᠃ | ᠳᠤᠷᠠᠳᠤᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠳᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠰᠠᠭᠤᠷᠢ ᠠᠵᠢᠯ ᠢ ᠯᠠᠪᠳᠠᠭᠤᠨ ᠪᠠᠲᠤᠲᠠᠶ ᠪᠢᠰᠢ᠂ ᠬᠡᠰᠡᠭ ᠡᠳ᠋ ᠬᠥᠷᠥᠩᠭᠡ ᠶᠢᠨ | ᠲᠣᠬᠢᠷᠠᠭᠤᠯᠤᠯᠲᠠ᠂ ᠬᠡᠷᠡᠭᠯᠡᠯᠲᠡ ᠶᠢᠨ ᠦᠷ᠎ᠡ ᠪᠦᠲᠦᠮᠵᠢ ᠥᠨᠳᠥᠷ ᠪᠢᠰᠢ ᠠᠰᠠᠭᠤᠳᠠᠯ ᠪᠠ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠶ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠲᠤᠬᠠᠶ ᠰᠠᠨᠠᠭᠤᠯᠭ᠎ᠠ ᠳᠤ ᠴᠢᠭᠯᠡᠭᠦᠯᠦᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ | ᠲᠡᠭᠦᠨ ᠤ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠡᠳ᠋ ᠬᠦᠷᠦᠩᠭᠡ ᠶᠢᠨ ᠬᠠᠮᠢᠶᠠᠷᠤᠯᠲᠠ ᠪᠣᠯᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ | ᠣᠷᠭᠠᠨᠢᠭ ᠢᠶᠠᠷ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠲᠥᠰᠦᠪ ᠪᠣᠯᠤᠨ ᠲᠥᠰᠦᠪ ᠤᠨ ᠭᠦᠢᠴᠡᠳᠬᠡᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠲᠦᠮᠵᠢᠲᠡᠶ | ᠵᠣᠯᠭᠠᠭᠤᠯᠬᠤ ᠠᠵᠢᠯ ᠢ ᠰᠠᠶᠢᠲᠤᠷ ᠬᠢᠵᠦ᠂ ᠡᠳ᠋ ᠬᠦᠷᠦᠩᠭᠡ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠎ᠡ᠃ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ ᠠᠮᠵᠢᠯᠲᠠ | ᠪᠦᠲᠦᠮᠵᠢ ᠶᠢ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠢ ᠬᠠᠶᠢᠨ ᠰᠦᠪᠡᠭᠴᠢᠯᠡᠵᠦ᠂ ᠡᠯ᠎ᠡ ᠨᠢᠭᠡᠴᠢ ᠶᠢ ᠭᠡᠳᠡᠷᠬᠦ | ᠰᠢᠬᠠᠮᠳᠠᠭᠤᠯᠵᠤ ᠪᠠᠶᠢᠭᠠᠳ ᠠᠮᠵᠢᠯᠲᠠ ᠪᠦᠲᠦᠮᠵᠢ ᠶᠢᠨ ᠤᠬᠠᠮᠰᠠᠷ ᠢ ᠨᠢ ᠴᠢᠩᠭᠠᠷᠠᠭᠤᠯᠵᠤ᠂ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠳᠣᠲᠣᠭᠠᠳᠤ ᠶᠢᠨ ᠡᠵᠡᠮᠳᠡᠯ ᠢ ᠲᠡᠭᠦᠯᠳᠡᠷᠵᠢᠭᠦᠯᠵᠦ᠂ ᠡᠳ᠋ ᠬᠦᠷᠦᠩᠭᠡ ᠶᠢᠨ ᠬᠡᠷᠡᠭᠯᠡᠯᠲᠡ ᠪᠠ | ᠰᠢᠢᠳᠪᠦᠷᠢᠯᠡᠯᠳᠡ ᠶᠢᠨ ᠬᠢᠨᠠᠨ ᠬᠠᠷᠭᠤᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠦᠨᠡᠯᠡᠨ ᠵᠢᠱᠢᠵᠦ | ᠮᠡᠳᠡᠭᠦᠯᠦᠨ ᠵᠥᠪᠰᠢᠶᠡᠷᠡᠭᠦᠯᠬᠦ ᠵᠢᠷᠤᠮ ᠢ ᠴᠢᠩᠭ᠎ᠠ ᠭᠦᠢᠴᠡᠳᠬᠡᠵᠦ᠂ ᠤᠯᠤᠰ ᠤᠨ ᠦᠮᠴᠢᠯᠡᠯᠳᠦ ᠡᠳ᠋ ᠬᠦᠷᠦᠩᠭᠡ ᠶᠢᠨ | ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠶᠢ | ᠨᠡᠮᠡᠭᠳᠡᠭᠦᠯᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠪᠠᠷᠢᠮᠵᠢᠶ᠎ᠠ ᠠᠴᠠ ᠬᠡᠲᠦᠷᠡᠭᠦᠯᠦᠨ | ᠳᠣᠭᠢᠷᠠᠭᠤᠯᠬᠤ᠂ ᠦᠷ᠎ᠡ ᠠᠰᠢᠭ ᠢᠶᠠᠷ ᠳᠣᠤᠷ᠎ᠠ ᠪᠤᠶᠤ ᠣᠷᠳᠣ ᠬᠤᠭᠤᠴᠠᠭ᠎ᠠ ᠪᠠᠷ ᠰᠤᠯᠠ ᠲᠠᠯᠪᠢᠭᠳᠠᠵᠤ ᠪᠠᠶᠢᠭ᠎ᠠ ᠡᠳ᠋ | ᠬᠥᠷᠥᠩᠭᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠦᠯᠡᠳᠡᠭᠡᠯ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠡᠳ᠋ ᠬᠥᠷᠥᠩᠭᠡ ᠶᠢᠨ ᠪᠠᠶᠢᠩᠭᠤ ᠰᠤᠯᠠ ᠲᠠᠯᠪᠢᠭᠳᠠᠵᠤ ᠪᠠᠶᠢᠭ᠎ᠠ ᠪᠠᠶᠢᠳᠠᠯ | ᠡᠭᠦᠰᠬᠦ ᠶᠢ ᠪᠠᠭᠠᠰᠬᠠᠨ᠎ᠠ᠃ | ᠳᠤᠷᠠᠳᠤᠭᠰᠠᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠪᠦᠷᠢᠨ ᠪᠤᠰᠤ ᠪᠠᠶᠢᠳᠠᠯ᠂ ᠬᠡᠰᠡᠭ ᠲᠤᠭ᠎ᠠ ᠪᠠᠷᠢᠮᠲᠠ ᠳᠤ ᠨᠢᠭᠡᠳᠦᠯ ᠦᠭᠡᠶ ᠦᠵᠡᠭᠳᠡᠯ ᠤᠨ ᠠᠰᠠᠭᠤᠳᠠᠯ | ᠣᠷᠣᠰᠢᠵᠤ ᠪᠠᠶᠢᠬᠤ ᠪᠠ ᠤᠯᠤᠰ ᠤᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠨᠠᠷᠢᠨ | ᠳᠠᠩᠰᠠ ᠶᠢᠨ ᠡᠬᠡ ᠳᠠᠩᠰᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠬᠦ ᠲᠤᠬᠠᠶ ᠰᠠᠨᠠᠭᠤᠯᠭ᠎ᠠ ᠳᠤ ᠴᠢᠭᠯᠡᠭᠦᠯᠦᠨ᠂ | ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ | ᠮᠥᠴᠢᠷ ᠤᠨ ᠬᠢᠨ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠦᠬᠦ ᠰᠢᠶᠠᠨ ᠤ ︽ᠭᠤᠷᠪᠠ ᠶᠢ | ᠲᠣᠬᠢᠷᠠᠭᠤᠯᠬᠤ︾ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠲᠡᠭᠦᠯᠳᠡᠷᠵᠢᠭᠦᠯᠵᠦ᠂ ᠲᠣᠭᠲᠠᠬᠤ ᠰᠢᠶᠠᠨ ᠤ | ᠪᠠᠶᠢᠭᠠᠯᠢ ᠶᠢᠨ ᠡᠬᠢ ᠪᠠᠶᠠᠯᠢᠭ ᠤᠨ ︽ᠬᠥᠷᠥᠩᠭᠡ︾ ᠶᠢ ᠬᠠᠮᠤᠭ ᠤᠨ ᠶᠡᠭᠡ ᠬᠡᠮᠵᠢᠶ᠎ᠡ ᠪᠠᠷ ᠲᠣᠳᠣᠷᠬᠠᠶ ᠣᠶᠢᠯᠠᠭᠠᠵᠤ᠂ | ᠦᠨᠡᠨ ᠪᠣᠳᠠᠲᠠᠶ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠭᠤᠷᠢ ᠲᠤᠭ᠎ᠠ ᠪᠠᠷᠢᠮᠲᠠ ᠶᠢᠨ ᠦᠷ᠎ᠡ | ᠪᠦᠲᠦᠭᠡᠯ ᠢ ᠪᠦᠷᠢᠯᠳᠦᠭᠦᠯᠵᠦ᠂ ᠡᠭᠦᠨ ᠤ ᠬᠠᠮᠲᠤ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠦᠨᠡᠯᠡᠬᠦ ᠪᠠ ᠪᠦᠷᠢᠳᠬᠡᠵᠦ | ᠪᠠᠶᠢᠴᠠᠭᠠᠨ ᠬᠡᠮᠵᠢᠬᠦ ᠪᠠᠷ ᠰᠠᠭᠤᠷᠢ ᠪᠣᠯᠭᠠᠵᠤ᠂ ᠤᠯᠤᠰ ᠤᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠥᠷᠨᠢᠭᠦᠯᠵᠦ᠂ ᠬᠤᠯᠪᠣᠭᠳᠠᠯ ᠪᠦᠬᠦᠢ | ᠵᠢᠷᠤᠮᠵᠢᠯ ᠢ ᠰᠤᠳᠤᠯᠤᠨ ᠲᠡᠭᠦᠯᠳᠡᠷᠵᠢᠭᠦᠯᠵᠦ᠂ ᠤᠯᠤᠰ ᠤᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠤᠨ ︽ | ᠰᠠᠭᠤᠷᠢ ᠮᠥᠩᠭᠦ︾ ᠶᠢ ᠪᠦᠬᠦ ᠲᠠᠯ᠎ᠠ ᠪᠠᠷ᠂ ᠣᠨᠣᠪᠴᠢᠲᠠᠢ᠂ ᠴᠠᠭ ᠲᠤᠬᠠᠢ ᠳᠤᠨᠢ ᠡᠵᠡᠮᠰᠢᠵᠦ᠂ ᠡᠯ᠎ᠡ ᠲᠦᠷᠦᠯ ᠤᠨ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ | ᠡᠭᠦᠨ ᠤ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠪᠦᠬᠦᠯᠢ ᠴᠣᠭᠴᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠡᠯ᠎ᠡ ᠰᠠᠯᠠᠭ᠎ᠠ | ᠮᠥᠴᠢᠷ ᠤᠳ ᠪᠦᠬᠦ᠋ᠢᠯᠡ ᠤᠯᠤᠰ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠪᠠᠷ | ᠬᠠᠮᠢᠶᠠᠷᠤᠯᠲᠠ ᠶᠢᠨ ᠡᠲᠡᠭᠡᠳ ᠢᠶᠠᠨ ᠪᠣᠯᠭᠠᠵᠤ᠂ ᠬᠠᠮᠵᠢᠯᠴᠠᠬᠤ᠂ ᠬᠠᠮᠲᠤᠷᠠᠯᠴᠠᠬᠤ᠂ ᠨᠢᠭᠡᠳᠦᠯᠲᠡᠶ ᠬᠠᠮᠢᠶᠠᠷᠤᠯᠲᠠ ᠶᠢᠨ | ᠣᠨᠣᠯᠵᠢᠬᠤᠨ ᠢ ᠲᠤᠤᠱᠯᠠᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠪᠦᠬᠦᠯᠢ ᠴᠣᠭᠴᠠ ᠶᠢᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠠᠳᠠᠯᠢ ᠪᠤᠰᠤ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠪᠦᠲᠦᠮᠵᠢᠲᠡᠶ ᠠᠬᠢᠭᠤᠯᠬᠤ ᠪᠤᠯᠤᠨ᠎ᠠ᠃ | ᠣᠨᠴᠠᠭᠠᠶᠢᠯᠠᠨ ᠮᠡᠳᠡᠭᠦᠯᠪᠡ᠃ |