ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/14
      1 ᠳ᠋ᠤᠭᠡᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ᠂ ᠠᠷᠠᠳᠴᠢᠯᠠᠯᠳᠦ ᠠᠮᠢᠳᠤᠷᠠᠯ ᠤᠨ ᠬᠤᠷᠠᠯ ᠤᠨ ᠵᠢᠭᠠᠨ ᠲᠣᠭᠲᠠᠭᠠᠭᠰᠠᠨ ᠰᠤᠷᠤᠯᠴᠠᠬᠤ ᠠᠭᠤᠯᠭ᠎ᠠ ᠶᠢ ᠭᠦᠨᠵᠡᠭᠡᠶ ᠰᠤᠷᠤᠯᠴᠠᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠤᠬᠠᠮᠰᠠᠷ ᠢᠶᠠᠨ ᠴᠢᠩᠭᠠᠳᠬᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠵᠤ ᠥᠭᠭᠦᠭᠰᠡᠨ ᠪᠠᠶᠢᠨ᠎ᠠ᠃
     ᠬᠤᠷᠠᠯ ᠳᠡᠭᠡᠷ᠎ᠡ ᠲᠥᠪᠯᠡᠷᠡᠩᠭᠦᠢ ᠰᠤᠷᠤᠯᠴᠠᠯᠭ᠎ᠠ ᠬᠢᠵᠦ᠂ ᠰᠢᠶᠠᠨ ᠤ ᠤᠳᠤᠷᠢᠳᠤᠯᠭ᠎ᠠ ᠦ᠋ ᠹᠦ᠋ ᠵᠦᠩ᠂ ᠵᠢᠢ ᠶᠠ ᠨᠠᠨ᠂ ᠶᠠᠩ ᠶᠢᠨ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠯᠢ ᠴᠦᠨ ᠶᠠᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠬᠤ ᠳᠠᠭᠠᠨ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠠᠯᠤᠰ ᠬᠡᠳᠦ ᠶᠢ ᠪᠣᠳᠣᠯᠬᠢᠯᠠᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠮᠠᠨ ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠵᠤ᠂ ᠢᠷᠡᠭᠡᠳᠦᠢ ᠪᠠᠨ ᠨᠡᠭᠡᠭᠡᠨ ᠬᠥᠭᠵᠢᠭᠦᠯᠬᠦ ᠪᠠᠷ ᠬᠦᠴᠦᠯᠡᠨ ᠴᠢᠷᠮᠠᠶᠢᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ ᠨᠢᠭᠡ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠲᠡᠦᠬᠡ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠤᠯᠴᠠᠵᠦ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠤᠯᠴᠠᠵᠦ ᠴᠢᠷᠮᠠᠶᠢᠨ ᠬᠡᠷᠡᠭᠵᠢᠭᠦᠯᠬᠦ ᠱᠠᠭᠠᠷᠳᠠᠯᠭ᠎ᠠ ᠶᠢᠨ ᠲᠣᠭᠤᠷᠢᠨ ᠳᠤ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠪᠦᠬᠦ᠋ᠢᠯᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠡᠨ ᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠵᠦ᠂ ᠯᠠᠪᠳᠠᠭᠤᠨ ᠪᠠᠲᠤᠲᠠᠢ ᠪᠠᠶᠢᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠵᠣᠷᠢᠯᠭ᠎ᠠ ᠳᠠᠭᠠᠨ ᠬᠦᠷᠴᠡᠢ ᠭᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠡᠦᠬᠡ ᠶᠢᠨ ᠳ᠋ᠦᠩᠨᠡᠯᠲᠡ᠂ ᠰᠤᠷᠤᠯᠴᠠᠯᠭ᠎ᠠ᠂ ᠬᠥᠮᠦᠵᠢᠯ᠂ ᠤᠬᠠᠭᠤᠯᠭ᠎ᠠ ᠶᠢ ᠤᠷᠲᠤ ᠬᠤᠭᠤᠴᠠᠭ᠎ᠠ ᠪᠠᠷ ᠳᠥᠯᠭᠢᠨ ᠠᠬᠢᠭᠤᠯᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠶᠠᠪᠤᠳᠠᠯ ᠢ ᠨᠠᠰᠤᠨ ᠲᠤᠷᠰᠢᠳᠠ ᠶᠢᠨ ᠰᠡᠳᠦᠪ ᠤᠨ ᠬᠤᠪᠢ ᠳᠤ ᠪᠠᠶᠢᠩᠭᠤ ᠰᠤᠷᠤᠯᠴᠠᠨ ᠪᠠᠶᠢᠩᠭᠤ ᠪᠣᠯᠪᠠᠰᠤᠷᠠᠵᠤ᠂ ᠬᠦᠰᠡᠯᠡᠩ ᠢᠲᠡᠭᠡᠯ ᠪᠢᠰᠢᠷᠡᠯ ᠤᠨ ᠳᠤᠮᠳᠠ ᠠᠴᠠ ᠶᠡᠭᠡ ᠪᠠᠶᠢᠳᠠᠯ ᠢ ᠠᠵᠢᠭᠯᠠᠬᠤ᠂ ᠪᠠᠶᠢᠳᠠᠯ ᠢ ᠠᠷᠭᠠᠴᠠᠬᠤ᠂ ᠢᠷᠡᠭᠡᠳᠦᠶ ᠶᠢᠨ ᠪᠠᠶᠢᠳᠠᠯ ᠢ ᠠᠵᠢᠭᠯᠠᠬᠤ ᠭᠡᠷᠡᠯᠲᠦ ᠳ᠋ᠧᠩ ᠢ ᠣᠯᠵᠤ᠂ ᠲᠡᠮᠡᠴᠡᠭᠡᠳ ᠵᠣᠭᠰᠣᠬᠤ ᠦᠭᠡᠢ ᠬᠥᠳᠡᠯᠭᠡᠬᠦ ᠬᠦᠴᠦᠨ ᠤ ᠡᠬᠢ ᠪᠤᠯᠠᠭ ᠢ ᠣᠯᠵᠤ᠂ ᠵᠥᠪ ᠪᠤᠷᠤᠭᠤ ᠶᠢ ᠢᠯᠭᠠᠨ ᠲᠠᠨᠢᠬᠤ ᠤᠯᠤᠰ ᠲᠦᠷᠦ ᠶᠢᠨ ᠭᠢᠷᠠᠬᠠᠢ ᠨᠢᠳᠦ ᠶᠢ ᠣᠯᠵᠤ᠂ ᠢᠯᠵᠠᠷᠠᠨ ᠲᠤᠷᠦ᠋ᠢᠳᠠᠬᠤ ᠶᠢ ᠰᠡᠷᠭᠡᠶᠢᠯᠡᠬᠦ ᠬᠦᠴᠦᠷᠬᠡᠭ ᠶᠡᠭᠡ ᠡᠰᠡᠷᠭᠦᠴᠡᠭᠴᠢ ᠶᠢ ᠣᠯᠵᠤ᠂ ᠢᠮᠠᠭᠲᠠ ᠶᠡᠭᠡ ᠵᠥᠪ ᠶᠡᠭᠡ ᠪᠤᠷᠤᠭᠤ ᠶᠢᠨ ᠡᠮᠦᠨ᠎ᠡ ᠲᠤᠭ ᠲᠡᠮᠳᠡᠭ ᠲᠣᠳᠣᠷᠬᠠᠢ᠂ ᠰᠠᠯᠬᠢ ᠳᠠᠪᠠᠯᠭᠠᠨ ᠤ ᠰᠢᠯᠭᠠᠯᠲᠠ ᠶᠢᠨ ᠡᠮᠦᠨ᠎ᠡ ᠠᠶᠤᠬᠤ ᠦᠭᠡᠢ ᠪᠠᠶᠢᠬᠤ᠂ ᠡᠯ᠎ᠡ ᠵᠦᠢᠯ ᠤᠨ ᠥᠳᠥᠭᠡᠯᠭᠡ ᠶᠢᠨ ᠡᠮᠦᠨ᠎ᠡ ᠵᠣᠭᠰᠣᠯᠲᠠ ᠪᠠᠲᠤ ᠪᠠᠶᠢᠬᠤ ᠶᠢ ᠪᠡᠶᠡᠯᠡᠭᠦᠯᠵᠦ᠂ ᠵᠠᠩᠭᠢᠯᠠᠭ᠎ᠠ ᠶᠢᠨ ᠦᠶ᠎ᠡ ᠳᠤ ᠨᠠᠮ ᠢᠶᠠᠨ ᠢᠲᠡᠭᠡᠮᠵᠢᠲᠡᠢ᠂ ᠨᠠᠶᠢᠳᠠᠪᠤᠷᠢᠲᠠᠢ᠂ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠴᠠᠭ ᠢᠮᠠᠭᠲᠠ ᠲᠡᠦᠬᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ᠶᠠᠮᠠᠷᠪᠠ ᠬᠠᠷᠰᠢ ᠰᠠᠭᠠᠳ ᠲᠤ ᠲᠥᠭᠡᠷᠢᠭᠳᠡᠬᠦ ᠦᠭᠡᠢ ᠪᠠᠶᠢᠵᠤ᠂ ᠬᠠᠲᠠᠭᠤ ᠵᠣᠷᠢᠭ ᠢᠶᠠᠷ ᠤᠷᠤᠭᠰᠢᠯᠠᠬᠤ ᠵᠣᠷᠢᠭ ᠢᠶᠠᠷ ᠲᠣᠭᠲᠠᠬᠤ ᠰᠢᠶᠠᠨ ᠤ ᠡᠯ᠎ᠡ ᠵᠦᠢᠯ ᠤᠨ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠦᠷᠦ ᠭᠦᠷᠦᠨ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠲᠦᠷᠦ ᠭᠦᠷᠦᠨ ᠮᠥᠨ ᠭᠡᠳᠡᠭ ᠶᠣᠰᠣ ᠤᠴᠢᠷ ᠢ ᠭᠦᠨᠵᠡᠭᠡᠶ ᠣᠶᠢᠯᠠᠭᠠᠵᠤ᠂ ᠠᠷᠠᠳ ᠤᠯᠠᠨ ᠤ ᠪᠠᠴᠢᠮ ᠪᠡᠷᠬᠡ ᠵᠣᠪᠠᠭᠤᠷᠢ ᠵᠦᠳᠡᠭᠦᠷᠢ ᠶᠢᠨ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠦᠨᠳᠦᠰᠦᠨ ᠶᠡᠭᠡ ᠪᠤᠳᠤᠯᠭ᠎ᠠ ᠪᠠ ᠠᠯᠤᠰ ᠬᠡᠳᠤ ᠶᠢᠨ ᠪᠤᠳᠤᠯᠭ᠎ᠠ ᠶᠢ ᠥᠨᠢ ᠤᠳᠠᠭᠠᠨ ᠴᠢᠷᠮᠠᠶᠢᠨ ᠰᠠᠶᠢᠲᠤᠷ ᠠᠳᠬᠤᠬᠤ ᠬᠡᠷᠡᠭᠲᠡᠶ᠃ ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ ᠭᠡᠳᠡᠭ ᠢ ᠪᠠᠲᠤ ᠴᠡᠭᠡᠵᠢᠯᠡᠵᠦ᠂ ᠵᠠᠭᠤᠨ ᠵᠢᠯ ᠤᠨ ᠨᠠᠮ ᠤᠨ ᠲᠡᠦᠬᠡ ᠪᠠᠷ ᠭᠤᠣᠯᠳᠠᠯᠭ᠎ᠠ ᠪᠣᠯᠭᠠᠨ ᠤᠬᠠᠭᠤᠯᠭ᠎ᠠ ᠬᠥᠮᠦᠵᠢᠯ ᠬᠢᠬᠦ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠭᠡᠳᠡᠭ ᠨᠢ ᠶᠠᠮᠠᠷ ᠶᠠᠩᠵᠤ ᠶᠢᠨ ᠨᠠᠮ ᠪᠣᠯᠬᠤ ᠶᠢ ᠭᠦᠨᠵᠡᠭᠡᠶ ᠲᠠᠨᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠲᠠᠰᠤᠷᠠᠯᠲᠠ ᠦᠭᠡᠢ ᠬᠥᠭᠵᠢᠭᠡᠵᠦ᠂ ᠨᠠᠮ ᠤᠨ ᠲᠦᠷᠦ ᠪᠠᠷᠢᠬᠤ ᠰᠠᠭᠤᠷᠢ ᠶᠢ ᠨᠡᠩ ᠪᠠᠲᠤ ᠪᠠᠬᠢ ᠪᠣᠯᠭᠠᠬᠤ ᠬᠡᠷᠡᠭᠲᠡᠶ ᠭᠡᠵᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠮᠠᠨ ᠤ ᠨᠠᠮ ᠪᠤᠯ ᠶᠠᠭᠤ ᠪᠤᠢ᠂ ᠶᠠᠭᠤ ᠬᠢᠬᠦ ᠪᠤᠢ︾ ᠭᠡᠬᠦ ᠡᠨᠡᠬᠦ ᠦᠨᠳᠦᠰᠦᠨ ᠠᠰᠠᠭᠤᠳᠠᠯ ᠢ ᠢᠮᠠᠭᠲᠠ ᠪᠠᠲᠤ ᠴᠡᠭᠡᠵᠢᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠣᠭᠲᠠᠬᠤ ᠶᠢᠨ ᠴᠢᠨᠠᠷ ᠰᠠᠶᠢᠲᠠᠢ ᠬᠥᠭᠵᠢᠯᠲᠡ ᠶᠢᠨ ᠨᠡᠩ ᠥᠨᠳᠥᠷ ᠲᠦᠪᠰᠢᠨ ᠲᠡᠰᠢ ᠳᠠᠪᠰᠢᠬᠤ ᠶᠢ ᠦᠨᠡᠨᠬᠦ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠲᠤᠯᠭᠠᠭᠤᠷᠢ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠨᠠᠷᠢᠯᠢᠬᠵᠢᠭᠤᠯᠤᠨ ᠬᠦᠴᠦᠷᠬᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠢ︔ ᠬᠦᠬᠡ ᠤᠰᠦ ᠬᠥᠬᠡᠮᠳᠦᠭ ᠠᠭᠤᠯᠠ ᠪᠣᠯ ᠠᠯᠳᠠ ᠮᠥᠩᠭᠦᠨ ᠠᠭᠤᠯᠠ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠪᠣᠬᠢᠷᠲᠤᠯ ᠤᠨ ᠵᠠᠰᠠᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠡᠷᠡᠭᠦᠯ ᠡᠩᠬᠡ ᠲᠣᠭᠲᠠᠬᠤ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽12345︾ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠲᠠᠪᠴᠠᠩ ᠢ ᠰᠠᠶᠢᠲᠤᠷ ᠡᠷᠭᠢᠯᠡᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠳᠥᠯᠭᠢᠨ ᠠᠬᠢᠭᠤᠯᠵᠤ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠤ ᠡᠮᠴᠢᠯᠡᠭᠡ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠣᠷᠣᠨ ᠰᠠᠭᠤᠴᠠ ᠵᠡᠷᠭᠡ ᠲᠠᠯ᠎ᠠ ᠪᠠᠷ ᠬᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠭᠡᠪᠡ᠃      ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1