ᠨᠢᠭᠡ᠂ ᠠᠵᠢᠯ ᠤᠨ ᠬᠠᠷᠠᠯᠲᠠ | 2025 ᠣᠨ ᠤ ᠰᠡᠭᠦᠯᠴᠢ ᠪᠣᠯᠬᠤ ᠳᠤ᠂ ᠪᠦᠬᠦ ᠣᠷᠣᠨ ᠤ ᠬᠤᠲᠠ ᠬᠥᠳᠡᠭᠡ ᠶᠢᠨ ᠨᠠᠰᠤᠲᠠᠨ ᠢ ᠠᠰᠠᠷᠠᠵᠤ | ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ᠂ ᠬᠡᠷᠡᠭᠯᠡᠬᠦ | ᠭᠠᠵᠠᠷ᠂ ᠡᠳ᠋ ᠤᠨ ᠵᠠᠰᠠᠭ ᠭᠠᠶᠢᠯᠢ ᠵᠡᠷᠭᠡ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠶ | ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠲᠠᠰᠤᠷᠠᠯᠲᠠ ᠦᠭᠡᠶ | ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠪᠦᠬᠦ ᠲᠠᠯ᠎ᠠ ᠪᠠᠷ ᠥᠷᠨᠢᠭᠦᠯᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠲᠤᠰᠬᠠᠶᠢᠵᠢᠭᠰᠠᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠶ | ᠲᠦᠷᠭᠡᠳᠬᠡᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ | ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠠᠩᠬ᠎ᠠ ᠠᠯᠬᠤᠮ ᠪᠣᠶ ᠪᠣᠯᠭᠠᠵᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠢᠯᠡᠳᠲᠡ ᠨᠡᠮᠡᠭᠳᠡᠭᠦᠯᠦᠨ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ | ᠰᠤᠪᠢᠯᠠᠯᠲᠠ ᠶᠢᠨ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ 55% ᠠᠴᠠ ᠳᠡᠭᠡᠭᠰᠢ ᠳᠤ ᠬᠦᠷᠦᠭᠦᠯᠵᠦ᠂ | ᠬᠤᠲᠠ ᠶᠢᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠴᠢᠨᠠᠷᠲᠠᠶ ᠨᠠᠰᠤᠲᠠᠨ ᠢ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ︵ᠲᠥᠪ︶ ᠶᠢᠨ ᠬᠠᠮᠤᠷᠬᠤ ᠨᠣᠷᠮ᠎ᠠ ᠶᠢ 100% ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ | 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠰᠠᠭᠠᠲᠠᠭᠤᠯᠵᠤ ᠳᠡᠶᠢᠯᠬᠦ ᠲᠤᠭ᠎ᠠ ᠶᠢ 4 ᠠᠴᠠ ᠳᠡᠭᠡᠭᠰᠢ ᠳᠤ | ᠬᠦᠷᠦᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠨᠠᠰᠤᠲᠠᠨ ᠢ ᠠᠰᠠᠷᠠᠬᠤ ᠪᠠ ᠬᠡᠦᠬᠡᠳ ᠰᠠᠭᠠᠲᠠᠭᠤᠯᠬᠤ ᠬᠤᠶᠠᠷ ᠶᠡᠭᠡ | ᠦᠢᠯᠡᠴᠢᠯᠡᠭᠡᠨ ᠤ ᠲᠣᠭᠲᠠᠯᠴᠠᠭ᠎ᠠ ᠶᠢ ᠨᠢᠭᠡᠳᠦᠯᠲᠡᠶ ᠲᠥᠯᠥᠪᠵᠢᠭᠦᠯᠦᠨ᠎ᠡ᠃ 2025 ᠣᠨ ᠪᠣᠯᠬᠤ ᠳᠤ᠂ | ᠬᠡᠷ ᠲᠤ ᠪᠠᠨ ᠰᠠᠭᠤᠬᠤ ᠨᠡᠶᠢᠭᠡᠮ ᠲᠣᠭᠤᠷᠢᠭ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠵᠤ᠂ ᠡᠮᠴᠢᠯᠡᠵᠦ ᠠᠰᠠᠷᠠᠬᠤ | ᠪᠠ ᠰᠤᠪᠢᠯᠠᠵᠤ ᠠᠰᠠᠷᠠᠬᠤ ᠶᠢ nᠤᠶᠠᠯᠳᠤᠭᠤᠯᠤᠭᠰᠠᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠣᠭᠲᠠᠯᠴᠠᠭ᠎ᠠ ᠪᠠ | ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠭᠤᠤᠯ | ᠴᠣᠭᠴᠠ ᠨᠢ ᠣᠯᠠᠨ ᠡᠰᠢᠵᠢᠭᠰᠡᠨ᠂ ᠨᠡᠶᠢᠭᠡᠮ ᠲᠣᠭᠤᠷᠢᠭ ᠲᠤ ᠲᠦᠰᠢᠭᠯᠡᠭᠰᠡᠨ᠂ ᠴᠢᠨᠠᠷᠯᠢᠭ ᠮᠥᠷᠲᠡᠭᠡᠨ ᠲᠦᠭᠡᠮᠡᠯ | ᠬᠠᠷᠠᠭᠠᠯᠵᠠᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ | ᠪᠠᠶᠢᠭᠤᠯᠤᠨ᠎ᠠ᠃ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠦᠭᠰᠡᠨ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠷ | ᠪᠠᠶᠢᠭᠤᠯᠤᠭᠰᠠᠨ ᠬᠤᠲᠠ ᠪᠠᠯᠭᠠᠰᠤ ᠶᠢᠨ ᠰᠠᠭᠤᠭᠠᠯᠢ ᠲᠣᠭᠤᠷᠢᠭ ᠲᠤ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠨᠡᠶᠢᠭᠡᠮ | ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠪᠠ ᠨᠢᠯᠬ᠎ᠠ ᠬᠡᠤᠬᠡᠳ ᠢ ᠰᠠᠭᠠᠲᠠᠭᠤᠯᠤᠨ | ᠠᠰᠠᠷᠠᠬᠤ ᠦᠢᠯᠡᠴᠢᠯᠡᠭᠡᠨ ᠤ ᠲᠠᠯᠠᠪᠤᠷ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ | ᠨᠠᠰᠤᠲᠠᠨ ᠢ ᠠᠰᠠᠷᠠᠵᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠦᠭᠰᠡᠨ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ 2021 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠤᠭᠰᠠᠨ | ᠰᠠᠭᠤᠭᠠᠯᠢ ᠲᠣᠭᠤᠷᠢᠭ ᠤᠨ ᠢᠵᠢ ᠪᠥᠷᠢᠳᠦᠭᠦᠯᠦᠭᠰᠡᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠡᠯᠡᠳᠬᠡᠮᠵᠢ ᠶᠢᠨ ︽ᠳᠥᠷᠪᠡ ᠶᠢ ᠵᠡᠷᠭᠡ ᠳᠤ ᠨᠢ ᠭᠦᠢᠴᠡᠳᠬᠡᠬᠦ︾ ︵ᠵᠡᠷᠭᠡ ᠳᠤ ᠨᠢ | ᠲᠥᠯᠥᠪᠵᠢᠭᠦᠯᠬᠦ᠂ ᠵᠡᠷᠭᠡ ᠳᠤ ᠨᠢ ᠪᠠᠶᠢᠭᠤᠯᠬᠤ᠂ ᠵᠡᠷᠭᠡ ᠳᠤ ᠨᠢ ᠰᠢᠯᠭᠠᠬᠤ᠂ ᠵᠡᠷᠭᠡ ᠳᠤ ᠨᠢ ᠲᠤᠰᠢᠶᠠᠬᠤ︶ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠡᠶᠢᠭᠡᠮ | ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠢᠵᠢ | ᠪᠦᠷᠢᠳᠦᠭᠦᠯᠦᠨ ᠪᠠᠶᠢᠭᠤᠯᠤᠭᠰᠠᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠦᠭᠦᠯᠦᠨ᠎ᠡ᠃ | ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠬᠡᠷᠡᠭᠯᠡᠨ ᠨᠠᠰᠤᠲᠠᠨ ᠢ | ᠠᠰᠠᠷᠠᠵᠤ ᠬᠡᠦᠬᠡᠳ ᠰᠠᠭᠠᠲᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠳᠤ | ᠨᠡᠶᠢᠴᠡᠭᠰᠡᠨ ᠬᠥᠳᠡᠯᠮᠦᠷᠢᠴᠢᠨ ᠢ ᠰᠢᠩᠭᠡᠭᠡᠨ ᠠᠪᠤᠭᠰᠠᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠪᠠᠶᠢᠭᠤᠯᠤᠮᠵᠢ ᠳᠤ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ ᠨᠥᠬᠦᠴᠡᠯ ᠲᠠᠢ | ᠭᠠᠵᠠᠷ ᠣᠷᠣᠨ ᠨᠢ ᠲᠦᠭᠡᠮᠡᠯ ᠬᠠᠷᠠᠭᠠᠯᠵᠠᠯᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠱᠠᠩᠨᠠᠵᠤ ᠨᠥᠬᠦᠪᠥᠷᠢ ᠥᠭᠬᠦ ᠶᠢ ᠵᠣᠷᠢᠭᠵᠢᠭᠤᠯᠬᠤ ᠲᠦᠷᠢᠮ ᠢ ᠰᠦᠪᠡᠭᠴᠢᠯᠡᠨ ᠪᠠᠶᠢᠭᠤᠯᠵᠤ᠂ ᠲᠦᠭᠡᠮᠡᠯ | ᠬᠠᠷᠠᠭᠠᠯᠵᠠᠯᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠪᠥᠲᠥᠭᠡᠨ | ᠪᠠᠶᠢᠭᠤᠯᠤᠯᠲᠠ ᠪᠤᠶᠤ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠨᠢᠷᠠᠢ ᠨᠢᠯᠬ᠎ᠠ ᠬᠡᠤᠬᠡᠳ ᠤᠨ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠬᠥᠲᠥᠯᠦᠨ ᠵᠢᠯᠣᠭᠤᠳᠬᠤ ᠶᠢ ᠵᠣᠷᠢᠭᠵᠢᠭᠤᠯᠤᠨ᠎ᠠ᠃ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠴᠢ ᠬᠥᠮᠦᠵᠢᠭᠦᠯᠬᠦ ᠠᠷᠭ᠎ᠠ ᠵᠠᠮ ᠢ ᠥᠷᠭᠡᠳᠬᠡᠨ᠎ᠡ᠃ | ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠵᠢᠭᠠᠨ ᠰᠤᠷᠭᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ | ᠨᠠᠰᠤᠲᠠᠶᠢᠴᠤᠳ ᠤᠨ ᠠᠨᠠᠭᠠᠬᠤ ᠤᠬᠠᠭᠠᠨ᠂ ᠨᠠᠰᠤᠲᠠᠶᠢᠴᠤᠳ ᠢ ᠠᠰᠠᠷᠠᠨ ᠰᠤᠪᠢᠯᠠᠬᠤ᠂ ᠨᠡᠶᠢᠭᠡᠮ ᠤᠨ ᠠᠵᠢᠯ᠂ | ᠨᠢᠷᠠᠢ ᠨᠢᠯᠬ᠎ᠠ ᠬᠡᠦᠬᠡᠳ ᠤᠨ ᠬᠥᠭᠵᠢᠯᠲᠡ ᠬᠢᠭᠡᠳ ᠡᠷᠡᠭᠦᠯ ᠮᠡᠨᠳᠦ ᠶᠢᠨ ᠬᠠᠮᠢᠶᠠᠷᠤᠯᠲᠠ᠂ ᠨᠢᠷᠠᠢ ᠨᠢᠯᠬ᠎ᠠ ᠬᠡᠦᠬᠡᠳ ᠢ | ᠠᠰᠠᠷᠠᠨ ᠬᠥᠮᠦᠵᠢᠭᠦᠯᠬᠦ ᠵᠡᠷᠭᠡ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠃ ᠡᠯ᠎ᠡ ᠲᠥᠷᠥᠯ ᠤᠨ ᠦᠢᠯᠡᠰ ᠴᠣᠭᠴᠠᠯᠠᠵᠤ ᠪᠠᠯᠠ ᠣᠷᠣᠭᠤᠯᠬᠤ ᠰᠠᠭᠤᠷᠢ ᠮᠥᠩᠭᠦ᠂ ᠬᠤᠪᠢ ᠪᠠᠷ ᠢᠶᠠᠨ | ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠰᠠᠭᠤᠷᠢ ᠮᠥᠩᠭᠦ ᠵᠡᠷᠭᠡ ᠶᠢᠨ ᠵᠠᠬ᠎ᠠ ᠳᠡᠯᠭᠡᠭᠦᠷᠴᠢᠯᠡᠬᠦ᠂ ᠬᠠᠤᠯᠢᠵᠢᠬᠤ | ᠵᠠᠷᠴᠢᠮ ᠶᠣᠰᠣᠭᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠬᠦᠷᠢᠶᠡᠨ ᠳᠠᠬᠢ ᠪᠠᠯᠠ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠬᠠᠮᠢᠶ᠎ᠠ ᠪᠥᠬᠦᠶ | ᠬᠠᠷᠢᠭᠤᠴᠠᠯᠭ᠎ᠠ ᠶᠢᠨ ᠳᠠᠭᠠᠳᠬᠠᠯ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠡᠵᠡᠩᠨᠡᠯᠲᠡ ᠶᠢᠨ ᠬᠠᠮᠢᠶ᠎ᠠ ᠪᠥᠬᠦᠶ ᠳᠠᠭᠠᠳᠬᠠᠯ ᠵᠢᠴᠢ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ | ᠬᠤᠳᠠᠯᠳᠤᠭᠠᠨ ᠤ ᠳᠠᠭᠠᠳᠬᠠᠯ ᠵᠡᠷᠭᠡ ᠦᠢᠯᠡᠳᠬᠦᠨ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ | ︵ᠬᠤᠶᠠᠷ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ | ᠬᠠᠩᠭᠠᠯᠭ᠎ᠠ ᠶᠢ ᠥᠷᠭᠡᠳᠬᠡᠨ᠎ᠡ᠃ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ | 2025 ᠣᠨ ᠪᠣᠯᠬᠤ ᠳᠤ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠣᠨᠴᠠ ᠬᠦᠴᠢᠷᠳᠡᠯᠲᠡᠶ | ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ᠂ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠰᠠᠨᠠᠭ᠎ᠠ ᠲᠠᠢ | ᠣᠨᠴᠠ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ ᠶᠢ 100% ᠳᠤ ᠬᠦᠷᠦᠭᠦᠯᠦᠨ᠎ᠡ᠃ | ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ 65 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ | ᠠᠵᠤ ᠠᠬᠤᠶ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠬᠠᠩᠭᠠᠵᠤ᠂ | ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠠᠵᠤ ᠠᠬᠤᠶ ᠨᠢ ᠬᠦᠴᠢᠷᠳᠡᠯᠲᠡᠢ | ᠨᠠᠰᠤᠲᠠᠶᠢᠴᠤᠳ ᠲᠤ ᠠᠰᠠᠷᠠᠨ ᠰᠤᠪᠢᠯᠠᠬᠤ ᠨᠥᠬᠦᠪᠥᠷᠢ ᠬᠠᠩᠭᠠᠨ᠎ᠠ᠃ ᠬᠡᠷ ᠪᠦᠯᠢ ᠶᠢᠨ ᠬᠠᠷᠠᠭᠠᠯᠵᠠᠨ ᠠᠰᠠᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷ ᠪᠦᠯᠢ ᠶᠢᠨ ᠨᠠᠰᠤᠲᠠᠨ ᠢᠶᠠᠨ ᠠᠰᠠᠷᠠᠵᠤ ᠬᠠᠷᠠᠭᠠᠯᠵᠠᠨ ᠬᠠᠮᠠᠭᠠᠯᠠᠬᠤ | ᠣᠷᠣ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠨᠥᠬᠦᠴᠡᠯ ᠪᠥᠷᠢᠳᠦᠭᠰᠡᠨ ᠭᠠᠵᠠᠷ ᠣᠷᠣᠨ ᠠᠴᠠ | ᠤᠯᠤᠰ ᠤᠨ ︽ᠬᠡᠷ ᠲᠤ ᠪᠠᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠨᠳᠦᠰᠦᠨ | ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠵᠦ ᠪᠣᠯᠤᠨ᠎ᠠ | ᠃ ᠬᠡᠷ ᠪᠦᠯᠢ ᠶᠢᠨ ᠬᠡᠤᠬᠡᠳ ᠪᠤᠶᠢᠵᠢᠭᠤᠯᠬᠤ ᠶᠢ ᠵᠢᠯᠣᠭᠤᠳᠤᠨ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠡᠬᠡ ᠨᠢᠯᠬᠠᠰ ᠤᠨ ᠡᠷᠡᠭᠦᠯᠵᠢᠯ᠂ ᠨᠢᠷᠠᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ | ᠬᠦᠴᠦᠨ ᠳᠤ ᠲᠦᠰᠢᠭᠯᠡᠨ᠂ ᠨᠢᠷᠠᠢ ᠨᠢᠯᠬ᠎ᠠ ᠬᠡᠤᠬᠡᠳ ᠲᠠᠢ ᠬᠡᠷ ᠪᠦᠯᠢ ᠳᠤ ᠬᠠᠷᠠᠭᠠᠯᠵᠠᠨ ᠠᠰᠠᠷᠠᠬᠤ ᠶᠢ ᠵᠢᠯᠣᠭᠤᠳᠬᠤ | ᠦᠢᠯᠡᠴᠢᠯᠡᠭᠡ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡ ᠶᠢ ᠰᠠᠶᠢᠵᠢᠷᠠᠭᠤᠯᠤᠨ᠎ᠠ᠃ ᠨᠡᠶᠢᠭᠡᠮ ᠲᠣᠭᠤᠷᠢᠭ ᠤᠨ ᠬᠤᠭᠤᠯᠠ ᠤᠮᠳᠠ ᠠᠷᠢᠭᠤᠨ ᠴᠡᠪᠡᠷ ᠲᠤ | ᠬᠠᠪᠰᠤᠷᠬᠤ᠂ ᠡᠮᠴᠢᠯᠡᠭᠡ ᠶᠠᠪᠤᠵᠤ ᠰᠠᠭᠤᠬᠤ ᠳᠤ ᠬᠠᠪᠰᠤᠷᠬᠤ᠂ ᠡᠳᠦᠷ ᠲᠤᠳᠤᠮ ᠤᠨ ᠬᠠᠷᠠᠭᠠᠯᠵᠠᠯ᠂ ᠡᠷᠡᠭᠦᠯᠵᠢᠯ | ᠰᠤᠪᠢᠯᠠᠯᠲᠠ᠂ ᠤᠶᠤᠨ ᠰᠠᠨᠠᠭᠠᠨ ᠤ ᠲᠠᠶᠢᠳᠬᠤᠷᠠᠭᠤᠯᠤᠯ᠂ ᠨᠢᠯᠬ᠎ᠠ ᠬᠡᠦᠬᠡᠳ ᠢ ᠬᠥᠮᠥᠵᠢᠭᠦᠯᠬᠦ ᠵᠢᠯᠣᠭᠤᠳᠤᠯᠭ᠎ᠠ | ᠵᠡᠷᠭᠡ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠨᠡᠶᠢᠭᠡᠮ ᠲᠣᠭᠤᠷᠢᠭ ᠤᠨ ᠬᠡᠤᠬᠡᠳ ᠬᠥᠮᠦᠵᠢᠭᠦᠯᠬᠦ ᠪᠠ | ᠨᠠᠰᠤᠲᠠᠨ ᠢ ᠠᠰᠠᠷᠠᠬᠤ ᠶᠢ ᠬᠠᠷᠢᠯᠴᠠᠨ ᠬᠠᠪᠰᠤᠷᠤᠯᠴᠠᠭᠤᠯᠤᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ᠎ᠡ᠃ | ᠬᠤᠳᠠ ᠬᠥᠳᠡᠭᠡ ᠶᠢᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ ᠬᠡᠷ ᠪᠦᠯᠢ ᠶᠢᠨ ᠠᠰᠠᠷᠠᠨ ᠲᠡᠵᠢᠭᠡᠬᠦ ᠪᠠᠷ ᠰᠠᠭᠤᠷᠢᠯᠠᠭᠰᠠᠨ᠂ ᠰᠢᠶᠠᠨ ᠰᠢᠶᠠᠩ ᠬᠤᠶᠠᠷ ᠱᠠᠲᠤᠨ ᠤ | ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ᠂ ᠮᠠᠯᠵᠢᠬᠤ ᠲᠠᠷᠢᠶᠠᠯᠠᠬᠤ | ᠣᠷᠣᠨ ᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ ᠲᠦᠰᠢᠭᠯᠡᠭᠰᠡᠨ ᠮᠠᠯᠵᠢᠬᠤ ᠲᠠᠷᠢᠶᠠᠯᠠᠬᠤ ᠣᠷᠣᠨ ᠤ | ᠨᠠᠰᠤᠲᠠᠨ ᠢ ᠠᠰᠠᠷᠠᠬᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠪᠠᠬᠢᠵᠢᠭᠦᠯᠦᠨ ᠰᠢᠯᠢᠳᠡᠭᠵᠢᠭᠦᠯᠦᠨ᠎ᠡ᠃ | ᠨᠠᠰᠤᠲᠠᠶᠢᠴᠤᠳ ᠲᠤ ᠬᠤᠭᠤᠯᠠ ᠤᠮᠳᠠ ᠬᠠᠩᠭᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ ᠬᠤᠭᠤᠯᠠᠨ ᠰᠢᠷᠡᠭᠡᠨ ᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠪᠣᠯᠪᠠᠰᠤᠷᠠᠯ ᠰᠤᠪᠢᠯᠠᠯᠲᠠ ᠶᠢᠨ ᠡᠬᠢ ᠪᠠᠶᠠᠯᠢᠭ ᠤᠨ ᠬᠡᠯᠪᠡᠷᠢ ᠶᠢ ᠬᠤᠪᠢᠷᠠᠭᠤᠯᠤᠨ ᠨᠠᠰᠤᠲᠠᠨ ᠢ | ᠠᠰᠠᠷᠠᠬᠤ ᠦᠢᠯᠡᠴᠢᠯᠡᠭᠡ ᠶᠢ ᠬᠥᠭᠵᠢᠭᠦᠯᠬᠦ ᠶᠢ ᠠᠬᠢᠭᠤᠯᠤᠨ᠎ᠠ᠃ ︽ᠥᠭᠡᠷᠡᠴᠢᠯᠡᠬᠦ ᠶᠣᠰᠣᠲᠠᠶ ᠶᠢ ᠨᠢ ᠪᠦᠬᠦᠨ ᠢ | ᠥᠭᠡᠷᠡᠴᠢᠯᠡᠵᠦ᠂ ᠬᠤᠪᠢᠷᠠᠭᠤᠯᠵᠤ ᠪᠣᠯᠬᠤ ᠶᠢ ᠨᠢ ᠬᠤᠪᠢᠷᠠᠭᠤᠯᠬᠤ︾ ᠵᠠᠷᠴᠢᠮ ᠶᠣᠰᠣᠭᠠᠷ ᠨᠠᠰᠤᠲᠠᠨ ᠢ ᠠᠰᠠᠷᠠᠬᠤ | ᠦᠢᠯᠡᠴᠢᠯᠡᠭᠡ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠨᠠᠮ ᠵᠠᠰᠠᠭ ᠤᠨ ᠪᠠᠶᠢᠭᠤᠯᠭ᠎ᠠ ᠪᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠶ᠎ᠠ ᠪᠣᠯᠪᠠᠰᠤᠷᠠᠯ ᠰᠤᠪᠢᠯᠠᠯᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠤᠯ ᠴᠢᠭᠯᠡᠯ ᠪᠣᠯᠭᠠᠨ᠎ᠠ᠃ ᠲᠦᠭᠡᠮᠡᠯ ᠬᠠᠷᠠᠭᠠᠯᠵᠠᠭᠰᠠᠨ ᠨᠠᠰᠤᠲᠠᠨ ᠢ | ᠠᠰᠠᠷᠠᠵᠤ ᠬᠡᠦᠬᠡᠳ ᠰᠠᠭᠠᠲᠠᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠥᠯᠥᠪᠵᠢᠭᠦᠯᠭᠡ᠂ ᠭᠠᠵᠠᠷ | ᠰᠢᠷᠣᠶ᠂ ᠣᠷᠣᠨ ᠰᠠᠭᠤᠴᠠ᠂ ᠡᠳ᠋ ᠤᠨ ᠵᠠᠰᠠᠭ᠂ ᠪᠡᠯᠡ ᠣᠷᠣᠭᠤᠯᠤᠯᠲᠠ᠂ ᠪᠡᠯᠡ ᠲᠣᠬᠢᠷᠠᠭᠤᠯᠭ᠎ᠠ᠂ ᠴᠢᠳᠠᠪᠤᠷᠢᠲᠠᠨ | ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠨᠡᠶᠢᠭᠡᠮ ᠤᠨ ᠬᠦᠴᠦᠨ ᠤ ᠨᠠᠰᠤᠲᠠᠨ ᠢ | ᠠᠰᠠᠷᠠᠵᠤ ᠬᠡᠦᠬᠡᠳ ᠰᠠᠭᠠᠲᠠᠭᠤᠯᠬᠤ ᠴᠢᠨᠠᠷᠯᠢᠭ ᠪᠡᠯᠡᠳᠬᠡᠮᠵᠢ ᠪᠠᠶᠢᠭᠤᠯᠬᠤ ᠶᠢ ᠲᠡᠮᠵᠢᠵᠤ᠂ ᠨᠡᠶᠢᠭᠡᠮ ᠳᠤ ᠦᠨ᠎ᠡ | ᠬᠠᠩᠰᠢ ᠨᠢ ᠲᠣᠬᠢᠷᠠᠮᠵᠢᠲᠠᠶ᠂ ᠳᠥᠭᠦᠮ ᠳᠥᠲᠡ᠂ ᠶᠠᠰᠤ ᠴᠢᠨᠠᠷ ᠨᠢ ᠨᠠᠶᠢᠳᠠᠪᠤᠷᠢᠲᠠᠶ ᠲᠦᠭᠡᠮᠡᠯ ᠬᠠᠷᠠᠭᠠᠯᠵᠠᠯ ᠤᠨ | ᠴᠢᠨᠠᠷᠲᠠᠶ ᠦᠢᠯᠡᠴᠢᠯᠡᠭᠡ ᠬᠠᠩᠭᠠᠨ᠎ᠠ᠃ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ᠂ ᠠᠯᠪᠠᠨ ᠠᠴᠠ | ᠲᠤᠰᠠᠯᠠᠵᠤ ᠠᠷᠠᠳ ᠠᠴᠠ ᠡᠵᠡᠩᠨᠡᠭᠰᠡᠨ᠂ ᠠᠰᠢᠭ ᠬᠤᠨᠵᠢᠪᠣᠷᠢ ᠶᠢᠨ ᠪᠤᠰᠤ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠲᠦᠭᠡᠮᠡᠯ ᠬᠠᠷᠠᠭᠠᠯᠵᠠᠯ ᠤᠨ ᠦᠢᠯᠡᠴᠢᠯᠡᠭᠡ | ᠬᠠᠩᠭᠠᠬᠤ ᠪᠠᠷ ᠭᠤᠣᠯᠯᠠᠨ᠎ᠠ᠃ ︽ᠬᠡᠤᠬᠡᠳ ᠰᠠᠭᠠᠲᠠᠭᠤᠯᠬᠤ ᠠᠵᠢᠯ ᠢ ᠨᠢᠭᠡ ᠴᠤᠭᠴᠠᠵᠢᠭᠤᠯᠬᠤ︾ ᠶᠢ ᠠᠬᠢᠭᠤᠯᠵᠤ᠂ | ᠨᠥᠬᠦᠴᠡᠯ ᠲᠠᠢ ᠬᠡᠤᠬᠡᠳ ᠤᠨ ᠴᠡᠴᠡᠷᠯᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠯ ᠶᠣᠰᠣᠭᠠᠷ | ᠬᠡᠤᠬᠡᠳ ᠰᠠᠭᠠᠲᠠᠭᠤᠯᠬᠤ ᠠᠩᠭᠢ ᠡᠷᠭᠢᠯᠡᠬᠦ ᠶᠢ ᠵᠣᠷᠢᠭᠵᠢᠭᠤᠯᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠰᠲᠠᠶ | ᠲᠣᠭᠲᠠᠭᠠᠨ᠎ᠠ᠃ | ︵ᠭᠤᠷᠪᠠ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠨᠡᠶᠢᠭᠡᠮ ᠤᠨ ᠣᠷᠴᠢᠨ | ᠲᠣᠭᠤᠷᠢᠨ ᠢ ᠪᠣᠶ ᠪᠣᠯᠭᠠᠨ᠎ᠠ᠃ ᠡᠷᠡᠭᠦᠯᠵᠢᠯ ᠠᠰᠠᠷᠠᠮᠵᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠵᠢᠭᠤᠯᠴᠢᠯᠠᠨ ᠰᠠᠭᠤᠬᠤ ᠬᠡᠯᠪᠡᠷᠢ ᠶᠢᠨ ᠨᠠᠰᠤᠲᠠᠨ ᠢ ᠠᠰᠠᠷᠠᠬᠤ ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠨ᠎ᠡ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠢ ᠪᠠᠶᠠᠯᠢᠭ ᠢᠶᠠᠷ ᠨᠠᠰᠤᠲᠠᠶᠢᠴᠤᠳ ᠲᠤ ᠥᠷᠭᠡᠨ ᠢᠶᠠᠷ | ᠦᠢᠯᠡᠴᠢᠯᠡᠬᠦ ᠶᠢ ᠠᠬᠢᠭᠤᠯᠤᠨ᠎ᠠ᠃ ᠨᠠᠰᠤᠲᠠᠶᠢᠴᠤᠳ ᠤᠨ ᠶᠡᠭᠡ ᠰᠤᠷᠭᠠᠭᠤᠯᠢ᠂ ᠨᠡᠶᠢᠭᠡᠮ ᠲᠣᠭᠤᠷᠢᠭ ᠤᠨ | ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠤᠨ ᠲᠡᠮᠵᠢᠨ᠎ᠡ᠃ ᠨᠠᠰᠤᠲᠠᠶᠢᠴᠤᠳ ᠤᠨ ᠣᠶᠣᠨ ᠰᠠᠨᠠᠭᠠᠨ ᠤ ᠬᠠᠶᠢᠷ᠎ᠠ | ᠬᠠᠯᠠᠮᠵᠢ᠂ ᠰᠡᠳᠬᠢᠴᠡ ᠶᠢᠨ ᠲᠠᠶᠢᠳᠬᠤᠷᠠᠭᠤᠯᠤᠯ᠂ ᠬᠢᠮᠤᠷᠠᠯ ᠳᠤ ᠭᠠᠷ ᠲᠦᠷᠦᠭᠦ ᠦᠢᠯᠡᠴᠢᠯᠡᠭᠡᠨ ᠤ ᠲᠣᠣᠷ ᠢ | ᠪᠦᠷᠢᠨᠰᠢᠭᠦᠯᠦᠨ᠎ᠡ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠵᠦ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠪᠠ ᠤᠷᠤᠯᠳᠤᠭᠠᠨ ᠤ ᠲᠥᠷᠥᠯ ᠲᠡᠮᠳᠡᠭ ᠢ ᠪᠤᠢ ᠪᠣᠯᠭᠠᠨ᠎ᠠ᠃ ᠡᠮᠴᠢᠯᠡᠭᠡ | ᠰᠤᠪᠢᠯᠠᠯᠲᠠ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ ᠶᠡᠷᠦᠩᠬᠡᠶᠢᠯᠡᠨ ᠵᠠᠯᠭᠠᠯᠳᠤᠭᠤᠯᠤᠭᠰᠠᠨ ᠬᠤᠲᠠ | ᠬᠥᠳᠡᠭᠡ ᠶᠢ ᠬᠠᠮᠤᠷᠤᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠦᠷᠢᠨᠰᠢᠬᠦᠯᠵᠦ᠂ 2025 ᠣᠨ ᠪᠣᠯᠬᠤ ᠳᠤ᠂ ᠪᠥᠬᠦ ᠣᠷᠣᠨ ᠤ ᠬᠤᠶᠠᠳᠤᠭᠠᠷ ᠳᠡᠰ ᠵᠢᠴᠢ ᠳᠡᠭᠡᠭᠰᠢᠬᠢ | ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ | ᠠᠨᠠᠭᠠᠬᠤ ᠤᠬᠠᠭᠠᠨ ᠤ ᠰᠠᠯᠠᠭ᠎ᠠ ᠳᠣᠭᠢᠷᠠᠭᠤᠯᠬᠤ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠵᠦ᠂ | ᠨᠠᠰᠤᠲᠠᠨ ᠢ ᠠᠰᠠᠷᠠᠬᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠬᠦᠨ ᠢ ᠬᠠᠮᠤᠷᠤᠭᠤᠯᠬᠤ ᠶᠢ | ᠪᠡᠶᠡᠯᠡᠭᠦᠯᠦᠨ᠎ᠡ᠃ ᠣᠶᠤᠨᠴᠢ ᠪᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠰᠢᠨ᠎ᠡ ᠡᠵᠡᠩᠨᠡᠯᠲᠡ ᠶᠢᠨ | ᠬᠡᠯᠪᠡᠷᠢ ᠶᠢ ᠪᠤᠶᠢᠵᠢᠭᠤᠯᠤᠨ᠎ᠠ᠃ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠰᠦᠯᠵᠢᠶᠡᠨ ᠤ ᠥᠷᠲᠡᠭᠡ᠂ APP ᠵᠡᠷᠭᠡ ᠣᠶᠤᠨᠴᠢ ᠨᠡᠷᠡᠳᠬᠦᠨ ᠢ ᠨᠠᠰᠤᠵᠢᠯᠲᠠ ᠳᠤ | ᠲᠣᠬᠢᠷᠠᠭᠤᠯᠤᠨ ᠥᠭᠡᠷᠡᠴᠢᠯᠡᠬᠦ ᠶᠢ ᠠᠬᠢᠭᠤᠯᠤᠨ᠎ᠠ᠃ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ | ᠨᠠᠰᠤᠲᠠᠶᠢᠴᠤᠳ ᠲᠤ ᠬᠠᠨᠳᠤᠭᠤᠯᠤᠭᠰᠠᠨ ᠣᠶᠤᠨᠴᠢ ᠮᠡᠳᠡᠭᠡ ᠵᠠᠩᠭᠢ ᠶᠢᠨ ᠮᠡᠷᠭᠡᠵᠢᠯ ᠤᠨ ᠪᠣᠯᠪᠠᠰᠤᠷᠠᠯ | ᠳᠣᠭᠢᠷᠠᠭᠤᠯᠤᠨ᠎ᠠ᠃ ᠨᠠᠰᠤᠲᠠᠨ ᠢ ᠠᠰᠠᠷᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ︽ᠦᠷ᠎ᠡ ᠬᠡᠤᠬᠡᠳ ᠨᠢ | ᠰᠦᠯᠵᠢᠶᠡᠨ ᠳᠡᠭᠡᠷ᠎ᠡ ᠵᠠᠬᠢᠶᠠᠯᠠᠵᠤ᠂ ᠨᠠᠰᠤᠲᠠᠶᠢᠴᠤᠳ ᠦᠢᠯᠡᠴᠢᠯᠡᠭᠡ ᠶᠢ ᠪᠡᠶᠡᠴᠢᠯᠡᠨ ᠬᠦᠷᠲᠡᠬᠦ︾ ᠵᠡᠷᠭᠡ | ᠬᠡᠷᠡᠭᠯᠡᠭᠡᠨ ᠤ ᠵᠠᠭᠪᠤᠷ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠢᠨᠲ᠋ᠧᠷ ᠰᠦᠯᠵᠢᠶᠡᠨ ᠤ ᠰᠢᠭᠤᠳ | ᠨᠡᠪᠲᠡᠷᠡᠭᠦᠯᠭᠡ ᠶᠢᠨ ᠬᠠᠷᠢᠯᠴᠠᠨ ᠦᠢᠯᠡᠳᠦᠯᠴᠡᠬᠦ ᠮᠠᠶ᠋ᠢᠭ ᠤᠨ ᠬᠡᠷ ᠪᠦᠯᠢ ᠶᠢᠨ ᠬᠡᠤᠬᠡᠳ ᠪᠤᠶᠢᠵᠢᠭᠤᠯᠬᠤ | ᠦᠢᠯᠡᠴᠢᠯᠡᠭᠡ ᠶᠢ ᠬᠥᠭᠵᠢᠭᠦᠯᠵᠦ᠂ ᠨᠢᠷᠠᠢ ᠨᠢᠯᠬ᠎ᠠ ᠬᠡᠤᠬᠡᠳ ᠢ ᠥᠰᠬᠡᠨ ᠬᠥᠮᠦᠵᠢᠭᠦᠯᠬᠦ ᠬᠢᠴᠢᠶᠡᠯ᠂ ᠡᠴᠢᠭᠡ | ᠡᠬᠡ ᠶᠢᠨ ᠬᠢᠴᠢᠶᠡᠯ ᠤᠨ ᠲᠠᠩᠬᠢᠮ ᠵᠡᠷᠭᠡ ᠶᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠨᠠᠰᠤᠲᠠᠶᠢᠴᠤᠳ ᠪᠠ | ᠬᠡᠦᠬᠡᠳ ᠤᠨ ᠨᠥᠬᠦᠷᠰᠡᠭ ᠨᠡᠶᠢᠭᠡᠮ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ | ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢᠨ ︽ᠨᠢᠭᠡ ᠨᠠᠰᠤᠲᠠᠨ ᠨᠢᠭᠡ ᠨᠢᠯᠬ᠎ᠠ︾ | ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ ᠨᠠᠰᠤᠲᠠᠶᠢᠴᠤᠳ ᠲᠤ ᠬᠤᠯᠪᠣᠭᠳᠠᠭᠰᠠᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠨᠢ ᠰᠦᠯᠵᠢᠶᠡᠨ ᠠᠴᠠ ᠭᠠᠳᠠᠭᠤᠷᠬᠢ ᠪᠠ ᠬᠥᠮᠦᠨ ᠤ ᠬᠦᠴᠦᠨ ᠤ | ᠦᠢᠯᠡᠴᠢᠯᠡᠭᠡ ᠶᠢ ᠦᠯᠡᠳᠡᠭᠡᠬᠦ ᠬᠡᠷᠡᠭᠲᠡᠢ᠃ ᠨᠠᠰᠤᠲᠠᠶᠢᠴᠤᠳ ᠪᠠ ᠡᠬᠡ ᠨᠢᠯᠬᠠᠰ ᠤᠨ ᠪᠡᠯᠡᠳᠬᠡᠮᠵᠢ ᠶᠢ ᠢᠵᠢ | ᠪᠥᠷᠢᠳᠦᠭᠦᠯᠬᠦ ᠶᠢ ᠴᠢᠩᠭᠠᠳᠬᠠᠵᠤ᠂ ᠨᠥᠬᠦᠴᠡᠯ ᠪᠥᠷᠢᠳᠦᠭᠰᠡᠨ ᠣᠯᠠᠨ ᠨᠡᠶᠢᠲᠡ ᠶᠢᠨ ᠲᠠᠯᠠᠪᠤᠷ ᠲᠤ ᠲᠤᠰᠬᠠᠶ | ᠰᠠᠭᠤᠳᠠᠯ ᠵᠢᠴᠢ ᠰᠠᠭᠠᠳ ᠥᠬᠡᠶ ᠨᠡᠪᠲᠡᠷᠡᠬᠦ ᠵᠠᠮ ᠢ ᠨᠡᠶᠢᠳᠡᠮ ᠳᠣᠭᠢᠷᠠᠭᠤᠯᠤᠨ᠎ᠠ᠃ ᠨᠢᠷᠠᠢ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠ | ᠬᠡᠦᠬᠡᠳ ᠤᠨ ᠨᠥᠬᠦᠷᠰᠡᠭ ᠬᠤᠳᠠ ᠶᠢᠨ ᠪᠦᠳᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ | ︵ᠳᠥᠷᠪᠡ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠴᠢᠩᠭᠠᠳᠬᠠᠨ᠎ᠠ᠃ ᠡᠯ᠎ᠡ ᠵᠦᠢᠯ ᠤᠨ ᠠᠶᠤᠯ ᠲᠦᠭᠰᠢᠭᠦᠷᠢ ᠶᠢ | ᠦᠨᠡᠨ ᠬᠦ ᠰᠡᠷᠭᠡᠶᠢᠯᠡᠨ᠎ᠡ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠭᠡᠨᠡᠳᠲᠡ ᠶᠢᠨ | ᠬᠡᠷᠡᠭ ᠢ ᠤᠷᠢᠳᠴᠢᠯᠠᠨ ᠰᠡᠷᠭᠡᠶᠢᠯᠡᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ᠂ ᠬᠢᠨᠠᠨ ᠰᠢᠨᠵᠢᠯᠡᠬᠦ | ᠬᠢᠭᠡᠳ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠭᠡᠳ ᠠᠪᠤᠷᠠᠨ | ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ ᠵᠡᠷᠭᠡ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ | |