ᠰᠢᠶᠠᠨ ᠤ ᠨᠠᠮ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/16
      1 ᠳ᠋ᠤᠭᠡᠷ ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠬᠠᠷᠭᠤᠭᠤᠯᠤᠨ ᠪᠠᠶᠢᠴᠠᠭᠠᠵᠤ ᠬᠠᠮᠢᠶᠠᠷᠤᠨ ᠡᠵᠡᠮᠳᠡᠬᠦ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠳᠡᠯᠡᠬᠡᠶ ᠳᠡᠭᠡᠷ᠎ᠡ ᠰᠢᠨ᠎ᠡ ᠪᠠᠷ ᠳᠡᠯᠭᠡᠷᠡᠵᠦ ᠪᠠᠶᠢᠭ᠎ᠠ ᠲᠦᠢᠯ ᠤᠨ ᠶᠡᠭᠡ ᠠᠶᠤᠯ ᠲᠦᠭᠰᠢᠭᠦᠷᠢᠲᠦ ᠬᠤᠭᠤᠴᠠᠭᠠᠨ ᠳᠤ ᠣᠷᠣᠰᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠴᠤ ᠣᠯᠠᠨ ᠭᠠᠵᠠᠷ ᠲᠤ ᠲᠠᠷᠬᠠᠵᠤ ᠪᠠᠶᠢᠨ᠎ᠠ᠂ ᠡᠭᠦᠨ ᠤ ᠳᠡᠭᠡᠷ᠎ᠡ ᠴᠠᠭᠠᠨ ᠰᠠᠷ᠎ᠠ ᠣᠶᠢᠷᠠᠳᠬᠤ ᠶᠢᠨ ᠬᠠᠷᠠᠭ᠎ᠠ ᠪᠠᠷ ᠬᠥᠮᠦᠰ ᠤᠨ ᠰᠢᠯᠵᠢᠯᠲᠡ ᠨᠡᠮᠡᠭᠳᠡᠵᠦ᠂ ᠠᠮᠠᠷᠬᠠᠨ ᠪᠥᠭᠡᠮᠨᠡᠷᠡᠵᠦ᠂ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠵᠦ ᠪᠠᠶᠢᠨ᠎ᠠ᠃᡽ ᠡᠪᠦᠯ ᠤᠨ ᠤᠯᠠᠷᠢᠯ ᠤᠨ ᠣᠯᠧᠮᠫᠢᠺ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ᠂ ᠬᠤᠲᠠ᠂ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠢᠶᠠᠷ ᠢᠶᠠᠨ ᠵᠠᠯᠭᠠᠭ᠎ᠠ ᠪᠠᠷ ︽ᠬᠤᠶᠠᠷ ᠬᠤᠷᠠᠯ︾ ᠢ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠴᠠᠭ ᠢᠮᠠᠭᠲᠠ ᠬᠢᠵᠢᠭ ᠢ ᠰᠡᠷᠭᠡᠶᠢᠯᠡᠬᠦ ᠬᠥᠪᠴᠢ ᠪᠠᠨ ᠴᠢᠩᠭᠠᠯᠠᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠴᠢᠩᠭ᠎ᠠ ᠰᠡᠷᠭᠡᠶᠢᠯᠡᠨ ᠰᠠᠬᠢᠵᠤ᠂ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠲᠡ ᠠᠴᠠ ᠠᠳᠬᠤᠵᠤ ᠨᠠᠷᠢᠨ ᠠᠳᠬᠤᠵᠤ ᠲᠦᠷᠭᠡᠨ ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠲᠣᠭᠲᠠᠬᠤ ᠰᠢᠶᠠᠨ ᠳᠤ ᠤᠷᠤᠵᠦ ᠢᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ ᠭᠡᠪᠡ᠃      ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠭᠠᠳᠠᠭᠠᠳᠤ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ᠂ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠡᠷᠡᠰ ᠲᠤᠤᠱᠯᠠᠭᠤᠯᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠨ ᠤ ᠵᠢᠯᠣᠭᠤᠳᠬᠤ ᠭᠠᠵᠠᠷ ᠤᠨ ᠬᠢᠨ ᠪᠠᠶᠢᠯᠳᠤᠭᠠᠨ ᠤ ᠡᠮᠦᠨᠡᠬᠢ ᠪᠠᠶᠢᠳᠠᠯ ᠢᠶᠠᠨ ᠢᠮᠠᠭᠲᠠ ᠪᠠᠲᠤᠯᠠᠵᠤ᠂ ᠡᠷᠲᠡ ᠠᠴᠠ ᠢᠯᠡᠷᠡᠭᠦᠯᠵᠦ ᠡᠷᠲᠡ ᠠᠴᠠ ᠰᠢᠢᠳᠪᠦᠷᠢᠯᠡᠬᠦ ᠤᠬᠠᠮᠰᠠᠷ ᠪᠣᠯᠤᠨ ᠴᠢᠳᠠᠪᠤᠷᠢ ᠪᠠᠨ ᠴᠢᠩᠭᠠᠳᠬᠠᠵᠤ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠪᠠᠶᠢᠳᠠᠯ ᠭᠠᠷᠤᠮᠠᠭᠴᠠ ᠳᠠᠷᠤᠢ ᠲᠦᠷᠭᠡᠨ ᠴᠡᠷᠢᠭ ᠠᠩᠬᠢ ᠪᠠᠨ ᠳᠠᠶᠢᠴᠢᠯᠠᠵᠤ᠂ ᠭᠠᠵᠠᠷ ᠲᠤᠨᠢ ᠬᠦᠷᠴᠦ ᠬᠥᠮᠦᠨ ᠢ ᠪᠠᠶᠢᠴᠠᠭᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠲᠡᠷᠡ ᠳᠠᠷᠤᠢ ᠳᠤᠨᠢ ᠠᠳᠬᠤᠬᠤ ᠬᠡᠷᠡᠭᠲᠡᠢ᠃ ᠱᠠᠩᠬᠠᠢ᠂ ᠲᠢᠶᠠᠨᠵᠢᠨ ᠵᠡᠷᠭᠡ ᠶᠡᠭᠡ ᠬᠤᠳᠠ ᠶᠢᠨ ᠰᠡᠷᠭᠡᠶᠢᠯᠡᠨ ᠡᠵᠡᠮᠳᠡᠬᠦ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠯᠢᠳᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠵᠦ᠂ ᠬᠤᠳᠠ ᠶᠢᠨ ᠶᠡᠷᠦᠩᠬᠡᠶᠢᠯᠡᠨ ᠵᠠᠰᠠᠬᠤ ᠲᠦᠪᠰᠢᠨ ᠪᠣᠯᠤᠨ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠯᠵᠢᠯᠳᠡ ᠶᠢ ᠪᠠᠶᠢᠴᠠᠭᠠᠬᠤ ᠲᠤᠰᠬᠠᠢ ᠠᠩᠬᠢ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠰᠬᠠᠢ ᠠᠩᠬᠢ᠂ ᠬᠥᠮᠦᠰ ᠢ ᠲᠥᠪᠬᠢᠨᠡᠭᠦᠯᠬᠦ ᠲᠤᠰᠬᠠᠢ ᠠᠩᠬᠢ᠂ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠰᠬᠠᠢ ᠠᠩᠬᠢ᠂ ᠶᠡᠷᠦᠩᠬᠡᠶᠢᠯᠡᠨ ᠵᠣᠬᠢᠴᠠᠭᠤᠯᠬᠤ ᠲᠤᠰᠬᠠᠢ ᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤᠵᠢᠭᠤᠯᠤᠭᠰᠠᠨ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠨᠢᠨ ᠳᠡᠭᠡᠷ᠎ᠡ ᠨᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠢᠶᠠᠨ ᠤ ᠤᠳᠤᠷᠢᠳᠤᠯᠭ᠎ᠠ ᠠᠴᠠ ᠡᠯ᠎ᠡ ᠪᠠᠯᠭᠠᠰᠤ ᠲᠠᠢ ᠬᠤᠯᠪᠣᠭᠠᠯᠠᠬᠤ ᠶᠢ ᠳᠠᠭᠠᠭᠠᠴᠢᠯᠠᠬᠤ ᠲᠤᠬᠢᠷᠠᠭᠤᠯᠤᠯᠲᠠ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠡᠮᠦᠨ᠎ᠡ ᠨᠢ ᠵᠢᠯᠣᠭᠤᠳᠴᠤ᠂ ᠳᠠᠭᠠᠭᠠᠴᠢᠯᠠᠭᠰᠠᠨ ᠭᠠᠵᠠᠷ ᠣᠷᠣᠨ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠠᠵᠢᠯᠯᠠᠨ᠂ ᠠᠰᠠᠭᠤᠳᠠᠯ ᠢ ᠡᠷᠢᠵᠦ᠂ ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠢᠲᠡᠭᠦᠦ ᠴᠠᠭᠠᠷᠢᠭ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠡᠯ᠎ᠡ ᠪᠠᠯᠭᠠᠰᠤ ᠶᠢᠨ ᠬᠢᠨ ᠪᠦᠭᠡᠮ ᠬᠦᠴᠢᠯ ᠤᠨ ᠦᠯᠢᠭᠡᠷ ᠠᠪᠬᠤ ᠴᠢᠭ ᠢ ᠵᠣᠬᠢᠰᠲᠠᠢ ᠪᠠᠶᠢᠷᠢᠯᠠᠭᠤᠯᠵᠤ᠂ ᠪᠦᠭᠡᠮ ᠬᠦᠴᠢᠯ ᠤᠨ ᠦᠯᠢᠭᠡᠷ ᠠᠪᠬᠤ ᠠᠵᠢᠯᠳᠠᠨ ᠢ ᠭᠦᠢᠴᠡᠳ ᠲᠤᠬᠢᠷᠠᠭᠤᠯᠬᠤ ᠶᠢᠨ ᠬᠠᠮᠲᠤ ᠪᠠᠶᠢᠩᠭᠤ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠴᠠᠭ ᠲᠤ ᠡᠵᠡᠮᠳᠡᠵᠦ ᠳᠡᠶᠢᠯᠬᠦ᠂ ᠲᠤᠯᠵᠤ ᠳᠡᠶᠢᠯᠬᠦ᠂ ᠨᠠᠶᠢᠳᠠᠪᠤᠷᠢᠲᠠᠢ᠂ ᠪᠠᠶᠢᠯᠳᠤᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠭᠤᠤ ᠵᠧᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1