ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠨᠡᠨᠬᠦ ᠰᠠᠶᠢᠵᠢᠷᠠᠭᠤᠯᠵᠦ᠂ ᠨᠡᠶᠢᠭᠡᠮ ᠤᠨ ᠣᠯᠠᠨ | ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠪᠣᠬᠢᠷᠲᠤᠯ ᠦᠭᠡᠢ ᠪᠣᠯᠪᠠᠰᠤᠨ ᠰᠢᠨ᠎ᠡ ᠬᠡᠪ | ᠰᠤᠷᠲᠠᠯ ᠢ ᠰᠠᠨᠠᠭᠠᠴᠢᠯᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ︾᠂ ︽ᠬᠤᠸᠠᠷ ᠫᠤᠤᠵᠢᠩ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠰᠤᠳᠤᠯᠬᠤ ᠪᠠᠷ ᠳᠠᠮᠵᠢᠨ᠂ ᠮᠠᠨ ᠤ ᠰᠢᠶᠠᠨ ᠤ ᠪᠦᠬᠦ ᠣᠷᠣᠨ ᠪᠦᠰᠡ ᠳᠤ ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠬᠤ ᠪᠠ ᠭᠠᠯ | ᠨᠣᠴᠣᠭᠠᠬᠤ ᠶᠢ ᠴᠠᠭᠠᠵᠠᠯᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ | ᠃ | ᠨᠢᠭᠡ᠂ ᠴᠠᠭᠠᠵᠠᠯᠠᠬᠤ ᠬᠦᠷᠢᠶ᠎ᠡ ᠬᠡᠪᠴᠢᠶ᠎ᠡ | ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ︵ᠡᠯ᠎ᠡ ᠪᠠᠯᠭᠠᠰᠤ᠂ ᠬᠠᠲᠤᠨ ᠭᠤᠣᠯ ᠤᠨ | ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠬᠠᠷᠢᠶ᠎ᠠ ᠣᠷᠣᠨ ᠤ ᠳᠣᠲᠣᠷᠠᠬᠢ ᠵᠠᠰᠠᠭ | ᠵᠠᠬᠢᠷᠭᠠᠨ ᠤ ᠭᠠᠴᠠᠭ᠎ᠠ ᠪᠠ ᠠᠶᠢᠯ ᠲᠣᠰᠬᠤᠨ ᠪᠠᠭᠲᠠᠨ᠎ᠠ︶᠃ | ᠬᠤᠶᠠᠷ᠂ ᠴᠠᠭᠠᠵᠠᠯᠠᠬᠤ ᠴᠠᠭ | ᠲᠣᠰ ᠵᠠᠷᠯᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2022 ᠣᠨ ᠤ 3 ᠳ᠋ᠤᠭᠠᠷ ᠰᠠᠷ᠎ᠠ ᠶᠢᠨ | 20 ᠤ ᠡᠳᠦᠷ ᠪᠣᠯᠲᠠᠯ᠎ᠠ᠃ | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠪᠦᠬᠦ ᠰᠢᠶᠠᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠪᠣᠯᠤᠨ ᠠᠷᠠᠳ ᠤᠨ ᠪᠦᠯᠬᠦᠮ ᠤᠨ ᠬᠢᠨ ᠬᠤᠸᠠᠷ ᠫᠤᠤᠵᠢᠩ ᠲᠠᠯᠪᠢᠬᠤ᠂ ᠲᠣᠭᠲᠠᠭᠠᠯ ᠢ | ᠵᠥᠷᠢᠴᠡᠨ ᠬᠤᠳᠠᠯᠳᠤᠬᠤ ᠪᠠ ᠭᠠᠯ ᠳᠦᠷᠡᠯᠵᠡᠭᠦᠯᠬᠦ ᠶᠢ ᠴᠠᠭᠠᠵᠠᠯᠠᠵᠤ᠂ ᠨᠠᠮ ᠤᠨ ᠭᠡᠰᠢᠭᠦᠨ ᠺᠠᠳ᠋ᠷ᠂ ᠠᠯᠪᠠᠨ | ᠲᠤᠰᠢᠶᠠᠯᠲᠠᠨ ᠲᠣᠰ ᠵᠠᠷᠯᠠᠯ ᠤᠨ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠥᠷᠭᠡᠨ ᠣᠯᠠᠨ | ᠬᠤᠲᠠ ᠶᠢᠨ ᠠᠷᠠᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠣᠰ ᠵᠠᠷᠯᠠᠯ ᠤᠨ ᠬᠤᠯᠪᠣᠭᠳᠠᠯ ᠪᠥᠬᠦᠶ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠮᠠᠶᠢᠮᠠᠶᠢᠯᠠᠬᠤ ᠥᠬᠡᠶ᠂ ᠬᠠᠳᠠᠭᠠᠯᠠᠬᠤ ᠥᠬᠡᠶ᠂ | ᠪᠣᠷᠣᠯᠠᠭᠤᠯᠬᠤ ᠥᠬᠡᠶ᠂ ᠬᠤᠸᠠᠷ ᠫᠤᠤᠵᠢᠩ ᠲᠠᠯᠪᠢᠬᠤ ᠥᠬᠡᠶ ᠪᠠ ᠭᠠᠯ ᠳᠦᠷᠡᠯᠵᠡᠭᠦᠯᠬᠦ ᠥᠬᠡᠶ ᠪᠠᠶᠢᠬᠤ ᠶᠢ | ᠪᠡᠶᠡᠯᠡᠭᠦᠯᠬᠦ ᠶᠢᠨ ᠬᠠᠮᠲᠤ ᠳᠡᠷᠭᠡᠳᠡᠬᠢ ᠬᠥᠮᠦᠰ ᠢᠶᠠᠨ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠨᠡᠶᠢᠭᠡᠮ ᠤᠨ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠲᠤ ᠪᠠᠷ | ᠬᠠᠮᠠᠭᠠᠯᠠᠬᠤ ᠬᠡᠷᠡᠭᠲᠡᠶ᠃ | ︵ᠬᠤᠶᠠᠷ︶ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ | ᠲᠥᠪ᠂ ᠲᠤᠭᠳᠠᠬᠤ ᠴᠢᠩ ᠱᠦᠢ ᠾᠧ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠲᠣᠭᠲᠠᠬᠤ ᠠᠵᠤ | ᠦᠢᠯᠡᠰ ᠤᠨ ᠬᠦᠷᠢᠶᠡᠯᠡᠩ ᠤᠳ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠬᠠᠷᠢᠶ᠎ᠠ ᠣᠷᠣᠨ ᠤ ᠬᠤᠸᠠᠷ ᠫᠤᠤᠵᠢᠩ ᠲᠠᠯᠪᠢᠬᠤ᠂ ᠪᠣᠷᠣᠯᠠᠭᠤᠯᠬᠤ ᠪᠠ ᠭᠠᠯ ᠳᠦᠷᠡᠯᠵᠡᠭᠦᠯᠬᠦ ᠠᠵᠢᠯ ᠢ | ᠴᠠᠭᠠᠵᠠᠯᠠᠬᠤ ᠶᠢ ᠴᠢᠩᠭᠠᠳᠬᠠᠬᠤ ᠬᠡᠷᠡᠭᠲᠡᠶ᠃ | ︵ᠭᠤᠷᠪᠠ︶ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠲᠠ ᠶᠢᠨ | ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ᠂ ᠵᠠᠮ | ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠬᠤᠸᠠᠷ ᠫᠤᠤᠵᠢᠩ ᠦᠢᠯᠡᠳᠪᠦᠷᠢᠯᠡᠬᠦ᠂ | ᠲᠡᠭᠡᠭᠡᠪᠦᠷᠢᠯᠡᠬᠦ᠂ ᠪᠣᠷᠣᠯᠠᠭᠤᠯᠬᠤ ᠪᠠ ᠬᠤᠸᠠᠷ ᠫᠤᠤᠵᠢᠩ ᠲᠠᠯᠪᠢᠬᠤ᠂ ᠭᠠᠯ ᠳᠦᠷᠡᠯᠵᠡᠭᠦᠯᠬᠦ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠥᠬᠦᠶ ᠠᠵᠢᠯ ᠢ ᠬᠠᠮᠲᠤᠪᠠᠷ ᠰᠠᠶᠢᠲᠤᠷ ᠬᠢᠬᠦ | ᠬᠡᠷᠡᠭᠲᠡᠶ᠃ | ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ︾ ︽ᠲᠥᠷᠥ ᠶᠢᠨ ᠶᠠᠪᠤᠳᠠᠯ ᠤᠨ ᠬᠤᠷᠢᠶᠠᠨ ᠤ ᠬᠤᠸᠠᠷ ᠫᠤᠤᠵᠢᠩ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠥᠪᠰᠢᠶᠡᠷᠡᠯ | ᠣᠯᠤᠭᠰᠠᠨ ᠥᠬᠡᠶ ᠪᠠᠷ ᠡᠵᠡᠩᠨᠡᠯᠲᠡ ᠶᠢᠨ ᠠᠵᠢᠯᠯᠠᠭ᠎ᠠ ᠬᠢᠭᠰᠡᠨ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠡᠵᠡᠩᠨᠡᠯᠲᠡ ᠶᠢᠨ ᠠᠵᠢᠯᠯᠠᠭ᠎ᠠ ᠶᠢ ᠨᠢ ᠵᠠᠷᠯᠢᠭᠳᠠᠨ | ᠵᠣᠭᠰᠣᠭᠠᠵᠤ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠡᠵᠡᠩᠨᠡᠭᠰᠡᠨ ᠡᠳ᠋ ᠪᠣᠳᠠᠰ ᠵᠢᠴᠢ ᠬᠠᠤᠯᠢ ᠶᠢ ᠵᠥᠷᠢᠴᠡᠵᠦ ᠣᠯᠤᠭᠰᠠᠨ | ᠣᠯᠵᠠ ᠠᠰᠢᠭ ᠢ ᠨᠢ ᠬᠤᠷᠢᠶᠠᠨ ᠠᠪᠤᠨ᠎ᠠ︔ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠂ ᠣᠷᠣᠨ | ᠪᠦᠰᠡ ᠳᠤ ᠬᠤᠸᠠᠷ ᠫᠤᠤᠵᠢᠩ ᠲᠠᠯᠪᠢᠵᠤ᠂ ᠣᠯᠠᠨ ᠨᠡᠶᠢᠲᠡ ᠶᠢᠨ ᠠᠮᠤᠷ ᠲᠦᠪᠰᠢᠨ ᠪᠠ ᠬᠥᠮᠦᠨ ᠤ ᠪᠡᠶ᠎ᠡ᠂ ᠡᠳ᠋ | ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠠᠷᠭ᠎ᠠ ᠮᠠᠶ᠋ᠢᠭ ᠢᠶᠠᠷ ᠬᠤᠸᠠᠷ ᠫᠤᠤᠵᠢᠩ | ᠲᠠᠯᠪᠢᠭᠰᠠᠨ ᠨᠢᠭᠡᠴᠡ ᠪᠠ ᠬᠤᠪᠢ ᠬᠥᠮᠦᠨ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠵᠤ | ᠪᠠᠶᠢᠭᠠᠳ ᠬᠤᠸᠠᠷ ᠫᠤᠤᠵᠢᠩ ᠲᠠᠯᠪᠢᠬᠤ ᠶᠢ ᠨᠢ ᠵᠣᠭᠰᠣᠭᠠᠬᠤ ᠶᠢᠨ ᠬᠠᠮᠲᠤ 100 ᠲᠥᠭᠦᠷᠢᠭ ᠠᠴᠠ ᠳᠡᠭᠡᠭᠰᠢ 500 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ︔ ᠲᠤᠰ ᠵᠠᠷᠯᠠᠯ ᠢ ᠵᠦᠷᠢᠴᠡᠭᠰᠡᠨ ᠪᠠᠶᠢᠪᠠᠯ᠂ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ᠎ᠡ︔ ᠠᠮᠤᠷ ᠢ ᠬᠠᠮᠠᠭᠠᠯᠠᠬᠤ ᠠᠵᠢᠯ ᠤᠨ | ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠦᠷᠢᠯᠳᠦᠭᠦᠯᠦᠭᠰᠡᠨ ᠨᠢᠭᠡᠴᠡ ᠪᠠ ᠬᠤᠪᠢ ᠬᠥᠮᠦᠨ ᠳᠤ | ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠭᠦᠨ᠎ᠡ︔ ᠦᠢᠯᠡ | ᠪᠠᠶᠢᠳᠠᠯ ᠨᠢ ᠬᠦᠨᠳᠦ ᠨᠣᠴᠢᠲᠠᠶ᠂ ᠬᠤᠬᠢᠷᠠᠯ ᠤᠴᠠᠷᠠᠭᠤᠯᠤᠭᠰᠠᠨ ᠪᠠ ᠨᠡᠯᠢᠶᠡᠳ ᠶᠡᠭᠡ ᠨᠥᠯᠥᠭᠡ ᠭᠠᠷᠭᠠᠭᠰᠠᠨ | ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ | ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠲᠤᠰ ᠵᠠᠷᠯᠠᠯ ᠤᠨ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠶᠢ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ᠂ ᠢᠯᠡᠴᠢᠯᠡᠨ ᠮᠡᠳᠡᠭᠦᠯᠬᠦ ᠡᠷᠬᠡ ᠲᠠᠢ᠂ | ᠢᠯᠡᠴᠢᠯᠡᠨ ᠮᠡᠳᠡᠭᠦᠯᠬᠦ ᠤᠲᠠᠰᠤ 110᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ | ᠮᠠᠨ ᠤ ᠰᠢᠶᠠᠨ ᠤ ᠤᠤᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ ᠵᠠᠷᠯᠠᠯ ᠨᠢ ᠲᠤᠰ ᠵᠠᠷᠯᠠᠯ ᠲᠠᠢ | ᠨᠢᠭᠡᠳᠦᠯ ᠦᠭᠡᠢ ᠪᠠᠶᠢᠪᠠᠯ᠂ ᠲᠤᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 1 ᠳ᠋ᠤᠭᠡᠷ ᠰᠠᠷ᠎ᠠ ᠶᠢᠨ 13 ᠤ ᠡᠳᠦᠷ | |