ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠬᠤᠸᠠᠷ ᠫᠤᠤᠵᠢᠩ ᠤᠨ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/18
      ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠠᠭᠠᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠪᠣᠯᠤᠨ ᠠᠷᠠᠳ ᠢᠷᠭᠡᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠤᠸᠠᠷ ᠫᠤᠤᠵᠢᠩ ᠬᠠᠳᠠᠭᠠᠯᠠᠬᠤ᠂ ᠪᠣᠷᠣᠯᠠᠭᠤᠯᠬᠤ ᠠᠵᠢᠯ ᠢ ᠵᠢᠷᠤᠮᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠢᠩᠭ᠎ᠠ ᠰᠡᠷᠭᠡᠶᠢᠯᠡᠨ ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠸᠠᠷ ᠫᠤᠤᠵᠢᠩ ᠤᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃
     ᠬᠤᠸᠠᠷ ᠫᠤᠤᠵᠢᠩ ᠤᠨ ᠲᠤᠰᠬᠠᠶ ᠵᠠᠰᠠᠯᠲᠠ ᠶᠢᠨ ᠠᠵᠢᠯ ᠤᠨ ᠳᠤᠮᠳᠠ᠂ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠲᠣᠮᠢᠯᠠᠭᠰᠠᠨ ᠰᠠᠯᠪᠤᠷᠢ ᠬᠤᠯᠪᠣᠭᠳᠠᠯ ᠪᠥᠬᠦᠶ ᠬᠡᠷᠡᠭ ᠤᠨ ᠰᠦᠪᠡᠭᠴᠢ ᠶᠢ ᠴᠤᠭᠯᠠᠭᠤᠯᠬᠤ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠵᠦ᠂ ᠨᠡᠶᠢᠲᠡ 6 ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠵᠦ᠂ 1 ᠵᠠᠰᠠᠭ ᠵᠠᠬᠢᠷᠭᠠᠨ ᠤ ᠰᠢᠢᠳᠭᠡᠯ ᠥᠭᠬᠦ ᠨᠢᠭᠡᠴᠡ ︵ᠵᠣᠭᠤᠰ ᠢᠶᠠᠷ ᠲᠣᠷᠭᠠᠬᠤ︶᠂ 5 ᠬᠠᠤᠯᠢ ᠶᠢ ᠵᠥᠷᠢᠴᠡᠭᠰᠡᠨ ᠬᠥᠮᠦᠨ ᠢ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠬᠤᠸᠠᠷ ᠫᠤᠤᠵᠢᠩ ᠢ ᠬᠠᠤᠯᠢ ᠪᠤᠰᠤ ᠪᠠᠷ ᠬᠠᠳᠠᠭᠠᠯᠠᠬᠤ᠂ ᠵᠥᠭᠡᠭᠡᠪᠦᠷᠢᠯᠡᠬᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠴᠣᠬᠢᠯᠲᠠ ᠥᠭᠴᠡᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1