ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠮᠠᠨ ᠤ ᠰᠢᠶᠠᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/18
      1 ᠳ᠋ᠤᠭᠡᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭ᠎ᠠ ᠬᠦᠷᠴᠦ ᠢᠷᠡᠬᠦ ᠭᠡᠵᠦ ᠪᠠᠶᠢᠨ᠎ᠠ᠂ ᠭᠠᠵᠠᠷ ᠣᠷᠣᠨ ᠠᠯᠤᠰᠯᠠᠭᠰᠠᠨ ᠬᠥᠮᠦᠰ ᠤᠨ ᠰᠢᠯᠵᠢᠯᠲᠡ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠠᠷᠠᠳ ᠤᠯᠠᠨ ᠤ ᠠᠮᠤᠷ ᠲᠦᠪᠰᠢᠨ ᠡᠷᠡᠭᠦᠯ ᠮᠡᠨᠳᠤ ᠶᠢ ᠡᠷᠡᠰ ᠰᠠᠬᠢᠨ ᠬᠠᠮᠠᠭᠠᠯᠠᠵᠤ᠂ ᠠᠷᠠᠳ ᠤᠯᠠᠨ ᠢ ᠠᠮᠤᠷ ᠲᠦᠪᠰᠢᠨ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠳᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠬᠥᠬᠡᠬᠤᠲᠠ ᠠᠴᠠ ᠳ᠋ᠠ ᠪᠠᠨ ᠫᠦ᠋ ᠬᠦᠷᠬᠦ ᠲᠦᠷᠭᠡᠨ ᠤ ᠵᠠᠰᠠᠮᠠᠯ ᠵᠠᠮ ᠤᠨ ᠲᠤᠭᠳᠠᠬᠤ ᠰᠢᠶᠠᠨ ᠤ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠭᠠᠵᠠᠷ ᠲᠤ ᠲᠠᠩ ᠶᠦᠩ ᠵᠢᠵᠢᠭᠦᠷᠯᠡᠭᠴᠢ᠂ ᠺᠠᠳ᠋ᠷ ᠴᠠᠭᠳᠠᠭ᠎ᠠ ᠨᠠᠷ ᠲᠠᠢ ᠶᠠᠷᠢᠯᠴᠠᠵᠤ᠂ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠭᠠᠵᠠᠷ ᠤᠨ ᠵᠢᠵᠢᠭᠦᠷ ᠤᠨ ᠲᠣᠬᠢᠷᠠᠭᠤᠯᠤᠯᠲᠠ᠂ ᠠᠵᠢᠯᠲᠠᠨ ᠤ ᠬᠠᠮᠢᠶᠠᠷᠤᠯᠲᠠ ᠡᠵᠡᠮᠳᠡᠯ᠂ ᠮᠡᠳᠡᠭᠡ ᠵᠠᠩᠭᠢ ᠶᠢᠨ ᠲᠡᠮᠳᠡᠭᠯᠡᠯ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠬᠠᠮᠲᠤ ᠪᠠᠶᠢᠴᠠᠭᠠᠨ ᠰᠢᠯᠭᠠᠬᠤ ᠭᠠᠵᠠᠷ ᠤᠨ ᠵᠢᠵᠢᠭᠦᠷᠯᠡᠨ ᠰᠠᠬᠢᠵᠤ ᠪᠠᠶᠢᠭ᠎ᠠ ᠬᠢᠵᠢᠭ ᠢ ᠰᠡᠷᠭᠡᠶᠢᠯᠡᠬᠦ ᠬᠥᠮᠦᠰ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃
     ᠲᠡᠷᠡ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠣᠯ ᠣᠳᠣᠬᠠᠨ ᠤ ᠬᠠᠮᠤᠭ ᠠᠴᠠ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠵᠠᠰᠠᠮᠠᠯ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠺᠤᠳ᠋ ᠰᠢᠷᠪᠢᠬᠦ ᠵᠡᠷᠭᠡ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢ ᠴᠢᠩᠭ᠎ᠠ ᠨᠢᠮᠪᠠᠶ ᠰᠠᠶᠢᠲᠤᠷ ᠬᠢᠬᠦ ᠬᠡᠷᠡᠭᠲᠡᠶ ᠭᠡᠪᠡ᠃      ᠵᠢᠵᠢᠭᠦᠷᠯᠡᠨ ᠲᠤᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠬᠤᠯᠠᠴᠢᠯᠠᠵᠤ᠂ ᠵᠢᠵᠢᠭᠦᠷᠯᠡᠨ ᠰᠠᠬᠢᠭᠴᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠦᠢᠳᠡᠨ ᠢ ᠰᠡᠷᠭᠡᠶᠢᠯᠡᠵᠦ ᠳᠤᠯᠠᠭᠠᠯᠠᠬᠤ ᠶᠢ ᠠᠩᠬᠠᠷᠬᠤ ᠬᠡᠷᠡᠭᠲᠡᠢ᠃
     ᠬᠤᠩ ᠳ᠋ᠧ ᠬᠤᠳᠠᠯᠳᠤᠭᠠᠨ ᠤ ᠶᠠᠪᠤᠳᠠᠯ ᠤᠨ ᠵᠣᠴᠢᠳ ᠤᠨ ᠪᠠᠭᠤᠳᠠᠯ ᠤᠨ ᠲᠤᠰᠠᠭᠠᠷᠯᠠᠬᠤ ᠴᠢᠭ ᠲᠤ᠂ ᠲᠠᠩ ᠶᠦᠩ ᠲᠤᠬᠠᠢ ᠶᠢᠨ ᠲᠠᠯᠠᠪᠠᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠸᠢᠳᠢᠣ᠋ ᠪᠠᠷ ᠬᠢᠨᠠᠨ ᠡᠵᠡᠮᠳᠡᠬᠦ ᠵᠡᠷᠭᠡ ᠶᠢ ᠪᠠᠶᠢᠴᠠᠭᠠᠨ ᠦᠵᠡᠵᠦ᠂ ᠠᠵᠢᠯᠲᠠᠳ ᠤᠨ ᠲᠤᠰᠠᠭᠠᠷᠯᠠᠬᠤ ᠲᠠᠯᠠᠪᠤᠷ ᠤᠨ ᠦᠨᠳᠦᠰᠦᠨ ᠪᠠᠶᠢᠳᠠᠯ ᠢ ᠲᠠᠨᠢᠯᠴᠠᠭᠤᠯᠬᠤ ᠶᠢ ᠰᠣᠨᠣᠰᠴᠤ᠂ ᠵᠣᠬᠢᠶᠠᠨ ᠪᠠᠶᠢᠭᠤᠯᠵᠤ ᠬᠠᠮᠢᠶᠠᠷᠤᠭᠰᠠᠨ᠂ ᠲᠤᠰᠠᠭᠠᠷᠯᠠᠭᠰᠠᠳ ᠢ ᠬᠦᠯᠢᠶᠡᠨ ᠠᠪᠤᠭᠰᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃      ᠲᠡᠷᠡ ᠵᠢᠭᠠᠵᠤ ᠭᠠᠷᠭᠠᠭᠰᠠᠨ ᠨᠢ᠂ ᠲᠤᠰᠠᠭᠠᠷᠯᠠᠬᠤ ᠴᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠭᠦᠢᠴᠡᠳ ᠪᠡᠯᠡᠳᠬᠡᠯ ᠬᠢᠵᠦ᠂ ᠠᠵᠢᠯ ᠢ ᠨᠠᠷᠢᠯᠢᠭ ᠬᠢᠵᠦ᠂ ᠠᠮᠤᠷ ᠲᠦᠪᠰᠢᠨ ᠢ ᠰᠠᠶᠢᠲᠤᠷ ᠠᠳᠬᠤᠵᠤ᠂ ᠲᠤᠰᠠᠭᠠᠷᠯᠠᠬᠤ ᠴᠢᠭ ᠤᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯᠲᠠᠨ᠂ ᠨᠢᠭᠡᠴᠡ ᠨᠦᠭᠦᠳ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠦᠢᠯᠡᠴᠢᠯᠡᠭᠡ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠶ᠋ᠯ ᠤᠨ ᠠᠵᠢᠯ ᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
     ᠲᠠᠩ ᠶᠦᠩ ᠪᠠᠰᠠ ᠤᠷᠢᠳ ᠬᠤᠵᠢᠳ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠱᠤᠸᠠᠩ ᠾᠧ ᠪᠠᠯᠭᠠᠰᠤ ᠶᠢᠨ ᠵᠢᠤᠢ ᠯᠦᠩ ᠶᠤᠸᠠᠨ ᠪᠠᠭ᠎ᠠ ᠲᠣᠭᠤᠷᠢᠭ᠂ ᠨᠠᠨ ᠫᠢᠩ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠲᠤᠮᠤ ᠳ᠋ᠠᠶᠢᠲ᠋ᠠ ᠶᠢ ᠬᠢᠨᠠᠨ ᠪᠠᠶᠢᠴᠠᠭᠠᠬᠤ ᠡᠩᠨᠡᠭᠡ᠂ ᠬᠡᠷ ᠤᠨ ᠬᠥᠮᠦᠰ ᠢ ᠲᠤᠰᠠᠭᠠᠷᠯᠠᠬᠤ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠶᠢ ᠬᠢᠨᠠᠨ ᠵᠢᠯᠣᠭᠤᠳᠴᠤ ᠪᠠᠶᠢᠴᠠᠭᠠᠵᠠᠢ᠃ ᠬᠦᠷᠦᠭᠰᠡᠨ ᠭᠠᠵᠠᠷ ᠪᠣᠯᠭᠠᠨ ᠳᠤ᠂ ᠲᠠᠩ ᠶᠦᠩ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃      ᠲᠠᠩ ᠶᠦᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠢᠵᠢᠭ ᠰᠡᠷᠭᠡᠶᠢᠯᠡᠬᠦ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠴᠢᠩᠭ᠎ᠠ ᠰᠡᠷᠭᠡᠶᠢᠯᠡᠨ ᠰᠠᠬᠢᠵᠤ᠂ ︽ᠭᠠᠳᠠᠨ᠎ᠠ ᠠᠴᠠ ᠬᠠᠯᠳᠠᠪᠦᠷᠢᠯᠠᠬᠤ ᠶᠢ ᠰᠡᠷᠭᠡᠶᠢᠯᠡᠵᠦ᠂ ᠳᠣᠲᠣᠭᠠᠳᠤ ᠠᠴᠠ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠳᠥᠷᠪᠡᠨ ᠥᠷᠯᠥᠭᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠰᠢᠶᠠᠨ ᠤ ᠤᠳᠤᠷᠢᠳᠤᠯᠭ᠎ᠠ ᠭᠤᠤ ᠵᠧᠩ᠂ ᠭᠤᠤ ᠬᠠᠨ᠂ ᠵᠢᠢ ᠶᠠ ᠨᠠᠨ᠂ ᠶᠦᠨ ᠵᠢᠶᠠᠨ ᠵᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1