1 ᠳ᠋ᠤᠭᠡᠷ ᠰᠠᠷ᠎ᠠ ᠶᠢᠨ 18 ᠤ ᠡᠳᠦᠷ᠂ ᠪᠦᠬᠦ ᠰᠢᠶᠠᠨ ᠤ 2022 ᠣᠨ ᠤ ᠨᠢᠭᠡᠳᠦᠭᠡᠷ ᠤᠯᠠᠷᠢᠯ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠮᠠᠨ ᠤ ᠰᠢᠶᠠᠨ ᠤ 2021 ᠣᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠵᠠᠷᠯᠠᠨ ᠮᠡᠳᠡᠭᠳᠡᠵᠦ᠂ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ 2022 | ᠣᠨ ᠤ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠶ᠃ | ᠲᠤᠭᠳᠠᠬᠤ ᠴᠢᠩ ᠱᠦᠢ ᠾᠧ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ ᠬᠤᠷᠠᠯ ᠢ | ᠡᠷᠭᠢᠯᠡᠪᠡ᠃ | | | | | ᠬᠤᠷᠠᠯ ᠠᠴᠠ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠳᠡᠭᠡᠳᠦ ᠬᠡᠮᠵᠢᠶᠡᠨ ᠤ ᠰᠣᠨᠣᠷ | ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ | ᠠᠮᠤᠷ ᠲᠦᠪᠰᠢᠨ ᠪᠣᠯ ᠬᠠᠮᠤᠭ ᠤᠨ ᠶᠡᠭᠡ ᠦᠷ᠎ᠡ ᠠᠰᠢᠭ ᠮᠥᠨ︾ ᠭᠡᠬᠦ ᠤᠬᠠᠮᠰᠠᠷ ᠢ ᠦᠨᠡᠨᠬᠦ ᠴᠢᠩᠭᠠᠳᠬᠠᠵᠤ᠂ | ᠢᠮᠠᠭᠲᠠ ᠥᠨᠳᠥᠷ ᠳᠠᠷᠤᠯᠲᠠ ᠲᠠᠢ ᠪᠠᠶᠢᠳᠠᠯ ᠢ ᠪᠠᠲᠤᠯᠠᠵᠤ᠂ ᠪᠣᠯᠭᠤᠮᠵᠢᠲᠠᠢ ᠣᠪᠣᠷ ᠢᠶᠠᠷ ᠰᠡᠷᠭᠡᠶᠢᠯᠡᠬᠦ ᠠᠴᠠ ᠡᠮᠦᠨ᠎ᠡ | ᠪᠣᠳᠣᠯᠬᠢᠯᠠᠬᠤ᠂ ᠬᠢᠬᠦ ᠠᠴᠠ ᠡᠮᠦᠨ᠎ᠡ ᠬᠢᠬᠦ ᠶᠢ ᠦᠨᠡᠨᠬᠦ ᠪᠡᠶᠡᠯᠡᠭᠦᠯᠵᠦ᠂ ︽ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ︾ | ᠶᠢ ᠪᠡᠶᠡᠯᠡᠭᠦᠯᠵᠦ᠂ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠢᠶᠠᠷ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠶᠡᠭᠡ ᠪᠠᠶᠢᠴᠠᠭᠠᠯᠲᠠ ᠪᠠ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ | ᠪᠠᠶᠢᠴᠠᠭᠠᠬᠤ ᠶᠢᠨ ᠳᠠᠭᠠᠤ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠴᠡᠭᠴᠡᠯᠡᠨ ᠵᠠᠰᠠᠬᠤ ᠴᠠᠭ ᠤᠨ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠡᠪᠦᠯ ᠤᠨ ᠤᠯᠠᠷᠢᠯ ᠤᠨ ᠮᠥᠰᠥ ᠴᠠᠰᠤ᠂ ᠪᠣᠬᠢᠷ ᠮᠠᠨᠠᠨ ᠵᠡᠷᠭᠡ ᠲᠦᠢᠯ ᠤᠨ ᠮᠠᠭᠤ ᠴᠠᠭ ᠠᠭᠤᠷ ᠤᠨ ᠨᠥᠯᠥᠭᠡ ᠳᠤ | ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠬᠥᠮᠦᠨ ᠬᠠᠷ᠎ᠠ ᠲᠡᠷᠭᠡ ᠬᠥᠰᠬᠡ ᠲᠥᠪᠯᠡᠷᠡᠭᠰᠡᠨ ᠵᠡᠷᠭᠡ ᠣᠨᠴᠠᠯᠢᠭ ᠢ ᠭᠦᠢᠴᠡᠳ ᠪᠣᠳᠣᠯᠬᠢᠯᠠᠨ | ᠂ ᠵᠠᠮ ᠬᠠᠷᠢᠯᠴᠠᠭᠠᠨ ᠤ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠲᠡᠷᠭᠡ ᠬᠥᠰᠬᠡ᠂ ᠭᠤᠣᠯᠳᠠᠯᠭ᠎ᠠ ᠲᠠᠢ ᠵᠠᠮ ᠤᠨ ᠬᠡᠰᠡᠭ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ ᠠᠵᠤ | ᠠᠬᠤᠶᠢᠯᠠᠯ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠠᠭᠤᠴᠢᠨ ᠪᠠ ᠬᠠᠭᠤᠴᠢᠷᠬᠠᠰᠠᠨ ᠣᠷᠣᠨ | ᠰᠠᠭᠤᠴᠠ ᠶᠢᠨ ᠵᠢᠵᠢᠭ ᠲᠣᠭᠤᠷᠢᠭ ᠵᠡᠷᠭᠡ ᠶᠢ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢᠨ ᠭᠤᠤᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠪᠣᠯᠭᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠡᠪᠦᠯ ᠬᠠᠪᠤᠷ ᠤᠨ ᠤᠯᠠᠷᠢᠯ ᠤᠨ ᠣᠶ ᠰᠢᠭᠤᠶ ᠶᠢᠨ ᠭᠠᠯ ᠤᠨ ᠭᠠᠮᠰᠢᠭ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠠᠯ ᠤᠨ ᠭᠠᠮᠰᠢᠭ ᠤᠨ ᠪᠠᠶᠢᠳᠠᠯ ᠢ | ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠤᠸᠠᠷ ᠫᠤᠤᠵᠢᠩ ᠬᠠᠤᠯᠢ ᠪᠤᠰᠤ ᠪᠠᠷ ᠦᠢᠯᠡᠳᠪᠦᠷᠢᠯᠡᠬᠦ᠂ ᠡᠵᠡᠩᠨᠡᠬᠦ᠂ | ᠲᠡᠭᠡᠭᠡᠪᠦᠷᠢᠯᠡᠬᠦ᠂ ᠬᠤᠸᠠᠷ ᠫᠤᠤᠵᠢᠩ ᠲᠠᠯᠪᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽2022 | ᠣᠨ ᠤ ᠴᠠᠭ ᠬᠢᠵᠠᠭᠠᠷᠯᠠᠨ ᠪᠥᠬᠦ ᠣᠷᠣᠨ ᠪᠦᠰᠡ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ | ᠲᠣᠭᠲᠠᠭᠠᠯ ᠠᠴᠠ ᠵᠥᠷᠢᠴᠡᠨ ᠪᠣᠷᠣᠯᠠᠭᠤᠯᠬᠤ ᠶᠢ ᠴᠠᠭᠠᠵᠠᠯᠠᠬᠤ ᠪᠠ ᠭᠠᠯ ᠳᠦᠷᠡᠯᠵᠡᠭᠦᠯᠬᠦ ᠲᠤᠬᠠᠶ ᠵᠠᠷᠯᠠᠯ︾ ᠢ | ᠴᠢᠩᠭ᠎ᠠ ᠵᠢᠷᠤᠮᠯᠠᠨ᠎ᠠ᠃ ᠴᠠᠭᠠᠨ ᠰᠠᠷ᠎ᠠ ᠠᠴᠠ ᠡᠮᠦᠨᠡᠬᠢ ᠢᠳᠡᠭᠡᠨ ᠪᠣᠷᠣᠯᠠᠭᠤᠯᠬᠤ ᠭᠤᠭᠴᠤᠭ᠎ᠠ ᠳᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ | ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠪᠠ ᠰᠢᠢᠳᠪᠦᠷᠢᠯᠡᠬᠦ ᠬᠡᠷᠡᠭᠲᠡᠶ᠃ ᠨᠠᠨ ᠬᠡᠦ ᠨᠠᠭᠤᠷ ᠤᠨ ᠮᠥᠰᠥᠨ | ᠭᠠᠳᠠᠷᠭᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ | ᠴᠢᠩᠭᠠᠳᠬᠠᠵᠤ᠂ ᠰᠠᠭᠤᠭᠠᠯᠢ ᠠᠷᠠᠳ᠂ ᠵᠤᠭᠠᠴᠠᠭᠰᠠᠳ ᠤᠨ ᠠᠮᠤᠷ ᠲᠦᠪᠰᠢᠨ ᠢ ᠪᠦᠬᠦ ᠲᠠᠯ᠎ᠠ ᠪᠠᠷ ᠪᠠᠳᠤᠯᠠᠬᠤ | ᠬᠡᠷᠡᠭᠳᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠠᠷᠤᠯᠲᠠ | ᠳᠠᠮᠵᠢᠭᠤᠯᠬᠤ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠬᠠᠤᠯᠢ ᠲᠥᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠶᠦᠯᠭᠦᠢ ᠦᠢᠯᠡᠳᠪᠦᠷᠢᠯᠡᠯ ᠤᠨ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠪᠣᠯᠤᠨ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠨᠡᠮᠡᠭᠳᠡᠭᠦᠯᠦᠨ᠂ ᠬᠠᠤᠯᠢ | ᠬᠡᠷᠡᠭᠵᠢᠭᠦᠯᠬᠦ ᠥᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠶᠦᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ ᠵᠢᠷᠤᠮᠵᠢᠭᠤᠯᠬᠤ ᠬᠡᠷᠡᠭᠲᠡᠶ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ | ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠵᠡᠷᠭᠡᠪᠡᠷ | ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ | ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠤᠳᠤᠷᠢᠳᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠬᠦ ᠬᠡᠷᠡᠭᠲᠡᠢ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠠᠵᠢᠯ | ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠠᠳᠬᠤᠵᠤ᠂ ᠬᠡᠨ ᠬᠠᠷᠢᠭᠤᠴᠠᠪᠠᠯ ᠲᠡᠷᠡ ᠡᠭᠦᠷᠭᠡᠯᠡᠬᠦ᠂ ᠬᠡᠨ ᠤ ᠠᠵᠢᠯ ᠪᠤᠯ ᠦᠪᠡᠷ ᠢᠶᠠᠨ | ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠶ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠶᠤᠯᠭᠦᠶ ᠶᠢᠨ ᠣᠷᠣᠭᠤᠯᠤᠯᠲᠠ ᠪᠠᠨ ᠨᠡᠮᠡᠭᠳᠡᠭᠦᠯᠦᠨ | ᠂ ᠬᠢᠨᠠᠨ ᠬᠠᠮᠢᠶᠠᠷᠬᠤ ᠪᠠᠶᠢᠭᠤᠯᠤᠮᠵᠢ ᠪᠠᠨ ᠲᠡᠭᠦᠯᠳᠡᠷᠵᠢᠭᠦᠯᠵᠦ᠂ ᠠᠶᠤᠯᠭᠦᠶ ᠶᠢᠨ ᠲᠦᠷᠢᠮ ᠢ ᠲᠡᠭᠦᠯᠳᠡᠷᠵᠢᠭᠦᠯᠵᠦ᠂ | ᠠᠶᠤᠯᠭᠦᠶ ᠶᠢᠨ ᠡ᠊ᠨᠳᠡᠯ ᠭᠠᠷᠬᠤ ᠶᠢ ᠰᠡᠷᠭᠡᠶᠢᠯᠡᠨ ᠪᠠᠭᠠᠰᠬᠠᠬᠤ ᠬᠡᠷᠡᠭᠲᠡᠶ᠃ ᠤᠳᠤᠷᠢᠳᠬᠤ ᠺᠠᠳ᠋ᠷ ᠠᠵᠢᠯ ᠤᠨ | ᠪᠠᠶᠢᠷᠢ ᠳᠤ ᠭᠠᠷᠴᠤ ᠡᠭᠡᠯᠵᠢ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ | ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠰᠠᠶᠢᠲᠤᠷ ᠪᠠᠷᠢᠮᠲᠠᠯᠠᠵᠤ᠂ ᠡᠯ᠎ᠡ ᠵᠦᠢᠯ ᠤᠨ ᠠᠮᠤᠷ | ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ | ᠠᠳᠬᠤᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠨᠡᠬᠡᠮᠵᠢᠯᠡᠬᠦ ᠬᠠᠮᠢᠶ᠎ᠠ ᠪᠦᠬᠦᠢ ᠲᠦᠷᠢᠮ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ᠂ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ |