ᠰᠢᠶᠠᠨ ᠤ ᠲᠠᠷᠢᠶᠠᠯᠠᠩ ᠮᠠᠯ ᠠᠵᠤ ᠠᠬᠤᠢ  ᠶᠢᠨ ᠲᠣᠪᠴᠢᠶ᠎ᠠ ︽ᠪᠠᠷᠰ ᠵᠢᠯ ᠤᠨ ᠰᠠᠷ᠎ᠠ ᠰᠢᠨ᠎ᠡ ᠶᠢᠨ ᠮᠡᠨᠳᠦᠴᠢᠯᠡᠯ ᠬᠤᠣᠰ ᠤᠶᠠᠩᠭ᠎ᠠ  ᠪᠢᠴᠢᠭᠯᠡᠬᠦ︾  ᠤᠷᠠᠨ ᠪᠢᠴᠢᠯᠭᠡ ᠤᠷᠠᠨ ᠵᠢᠷᠤᠭ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2022/1/27
      2022 ᠣᠨ ᠤ ᠪᠠᠷᠰ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠠᠶᠠᠷ ᠬᠦᠷ ᠲᠠᠢ᠂ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠵᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠵᠤ᠂ ᠪᠦᠬᠦ  ᠲᠤᠪᠴᠢᠶᠠᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠤ ᠥᠨᠢ ᠤᠳᠠᠭᠠᠨ ᠲᠡᠦᠬᠡ ᠲᠠᠢ ᠠᠷᠠᠳ ᠤᠨ ᠵᠠᠩ ᠦᠢᠯᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠶᠢᠨ ᠲᠦᠯᠦᠭᠡ᠂ 1 ᠳ᠋ᠤᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠦᠵᠡᠮᠵᠢᠳᠦ ᠵᠢᠷᠤᠭ ᠤᠨ ᠰᠢᠨᠵᠢᠯᠡᠭᠡᠨ ᠤ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ︽ᠪᠠᠷᠰ ᠵᠢᠯ ᠤᠨ ᠰᠠᠷ᠎ᠠ ᠰᠢᠨ᠎ᠡ ᠶᠢᠨ ᠮᠡᠨᠳᠦᠴᠢᠯᠡᠯ ᠬᠤᠣᠰ ᠤᠶᠠᠩᠭ᠎ᠠ  ᠪᠢᠴᠢᠭᠯᠡᠬᠦ︾ ᠤᠷᠠᠨ ᠪᠢᠴᠢᠯᠭᠡ ᠤᠷᠠᠨ ᠵᠢᠷᠤᠭ ᠤᠨ ᠴᠤᠭᠯᠠᠭᠠᠨ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠪᠠ᠃ ᠥᠪᠥᠷ ᠮᠣᠩᠭᠤᠯ ᠤᠨ ᠦᠵᠡᠮᠵᠢᠳᠦ ᠵᠢᠷᠤᠭ ᠤᠨ ᠰᠢᠨᠵᠢᠯᠡᠭᠡᠨ ᠤ ᠨᠡᠶᠢᠭᠡᠮᠯᠢᠭ᠂ ᠲᠣᠭᠲᠠᠬᠤ ᠰᠢᠶᠠᠨ ᠤ ᠤᠷᠠᠨ ᠵᠢᠷᠤᠭᠴᠢᠳ ᠤᠨ ᠨᠡᠶᠢᠭᠡᠮᠯᠢᠭ᠂ ᠤᠷᠠᠨ ᠪᠢᠴᠢᠯᠭᠡᠲᠡᠨ ᠤ ᠨᠡᠶᠢᠭᠡᠮᠯᠢᠭ ᠤᠨ ᠤᠷᠠᠨ ᠪᠢᠴᠢᠯᠭᠡ ᠤᠷᠠᠨ ᠵᠢᠷᠤᠭ ᠤᠨ ᠨᠡᠷᠡᠳᠦ ᠬᠥᠮᠥᠰ ᠲᠤᠬᠠᠢ ᠶᠢᠨ ᠲᠠᠯᠠᠪᠠᠢ ᠳᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠥᠷᠭᠡᠨ ᠤᠯᠠᠨ ᠺᠠᠳ᠋ᠷ ᠠᠵᠢᠯᠲᠠᠳ ᠲᠤ ᠬᠤᠣᠰ ᠤᠶᠠᠩᠭ᠎ᠠ ᠪᠢᠴᠢᠵᠦ᠂ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃      ᠦᠳᠡ ᠶᠢᠨ ᠡᠮᠦᠨᠡᠬᠢ 10 ᠴᠠᠭ ᠲᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠪᠠᠶᠠᠷ ᠬᠦᠷ ᠢᠶᠠᠷ ᠪᠢᠯᠬᠠᠵᠤ᠂ ᠪᠡᠬᠡᠰ ᠤᠨ ᠦᠨᠦᠷ ᠬᠠᠩᠬᠤᠯᠵᠤ᠂ ᠤᠷᠠᠨ ᠪᠢᠴᠢᠯᠭᠡ ᠪᠠᠷ ᠴᠡᠴᠡᠭ ᠮᠢᠷᠠᠯᠵᠠᠨ᠎ᠠ᠃ ᠪᠡᠭᠡ ᠴᠢᠳᠬᠤᠬᠤ᠂ ᠴᠠᠭᠠᠰᠤ ᠳᠡᠪᠢᠰᠬᠦ᠂ ᠪᠢᠷ ᠦᠷᠦᠬᠦ ᠵᠡᠷᠭᠡ ᠪᠡᠯᠡᠳᠬᠡᠯ ᠠᠵᠢᠯ ᠢ ᠬᠢᠵᠦ ᠳᠠᠭᠤᠰᠬᠠᠬᠤ ᠶᠢᠨ ᠳᠠᠭᠠᠤ ᠳᠤ᠂ ᠤᠷᠠᠨ ᠪᠢᠴᠢᠯᠭᠡᠲᠡᠨ ᠵᠢᠷᠤᠭᠴᠢᠳ ᠥᠳᠬᠡᠨ ᠪᠡᠭᠡ ᠳᠤ ᠬᠠᠨᠲᠠᠯ᠎ᠠ ᠳᠦᠷᠦᠵᠦ᠂ ᠪᠢᠷ ᠪᠡᠬᠡᠰ   ᠢᠶᠠᠨ ᠬᠠᠨᠲᠠᠯ᠎ᠠ ᠬᠤᠷᠤᠶᠢᠯᠵᠠᠭᠤᠯᠤᠨ᠂ ᠪᠡᠯᠭᠡᠲᠦ ᠬᠤᠣᠰ ᠤᠶᠠᠩᠭ᠎ᠠ᠂ ︽ᠪᠤᠶᠠᠨ︾ ᠦᠰᠦᠭ ᠤᠳ᠂ ᠤᠷᠠᠨ ᠨᠠᠷᠢᠯᠢᠭ ᠤᠷᠠᠨ ᠵᠢᠷᠤᠭ ᠤᠳ ᠲᠡᠳᠡᠨ ᠤ ᠪᠢᠷ ᠤᠨ ᠳᠣᠣᠷ᠎ᠠ ᠮᠡᠨᠳᠦᠯᠡᠵᠦ᠂ ᠡᠪᠦᠯ ᠤᠨ ᠤᠯᠠᠷᠢᠯ ᠳᠤ ᠳᠤᠯᠠᠭᠠᠨ ᠥᠩᠭᠡ ᠨᠡᠮᠡᠷᠢᠯᠡᠵᠦ᠂ ᠤᠳᠠᠯ ᠦᠭᠡᠢ ᠬᠦᠷᠴᠦ ᠢᠷᠡᠬᠦ ᠪᠠᠷᠰ ᠵᠢᠯ ᠴᠠᠭᠠᠨ ᠰᠠᠷ᠎ᠠ ᠳᠤ ᠰᠣᠶᠣᠯ ᠤᠨ ᠰᠢᠨ᠎ᠡ ᠵᠢᠯ ᠤᠨ ᠦᠨᠦᠷ ᠠᠮᠲᠠ   ᠶᠢ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1