ᠮᠠᠨ ᠤ ᠰᠢᠶᠠᠨ ᠲᠠᠷᠢᠶᠠᠯᠠᠩ ᠤᠨ ᠤᠰᠤᠯᠠᠯᠲᠠ ᠶᠢᠨ ᠤᠰᠤ ᠬᠠᠩᠭᠠᠬᠤ ᠦᠨ᠎ᠡ ᠶᠢ ᠲᠣᠬᠢᠷᠠᠭᠤᠯᠬᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/3
      ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠲᠠᠷᠢᠶᠠᠯᠠᠩ ᠤᠨ ᠤᠰᠤ ᠠᠷᠪᠢᠯᠠᠬᠤ ᠪᠠ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 29 ᠤ ᠡᠳᠦᠷ᠂ ᠮᠠᠨ ᠤ ᠰᠢᠶᠠᠨ ᠲᠠᠷᠢᠶᠠᠯᠠᠩ ᠤᠨ ᠤᠰᠤᠯᠠᠯᠲᠠ ᠶᠢᠨ ᠤᠰᠤ ᠬᠠᠩᠭᠠᠬᠤ ᠦᠨ᠎ᠡ ᠶᠢ ᠲᠣᠬᠢᠷᠠᠭᠤᠯᠬᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ᠂ ᠬᠤᠲᠠ ᠰᠢᠶᠠᠨ ᠬᠤᠶᠠᠷ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠷᠡᠭᠯᠡᠭᠴᠢᠳ ᠤᠨ ᠲᠥᠯᠥᠭᠡᠯᠡᠭᠴᠢ᠂ ᠡᠵᠡᠩᠨᠡᠭᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃
     ᠬᠤᠷᠠᠯ ᠠᠴᠠ ᠠᠵᠤ ᠠᠬᠤᠶᠢᠯᠠᠯ ᠤᠨ ᠡᠵᠡᠩᠨᠡᠯᠲᠡ ᠶᠢᠨ ᠦᠨᠳᠦᠰᠦᠨ ᠪᠠᠶᠢᠳᠠᠯ᠂ ᠥᠪᠡᠷ ᠤᠨ ᠥᠷᠲᠡᠭ ᠢ ᠬᠢᠨᠠᠨ ᠪᠠᠶᠢᠴᠠᠭᠠᠭᠰᠠᠨ ᠳ᠋ᠦᠩᠨᠡᠯᠲᠡ ᠵᠢᠴᠢ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ︔ ᠲᠣᠭᠲᠠᠬᠤ ᠰᠢᠶᠠᠨ ᠤ ᠬᠠᠲᠤᠨ ᠭᠤᠤᠯ ᠤᠨ ᠤᠰᠤ ᠶᠢ ᠲᠠᠲᠠᠵᠤ ᠤᠰᠤᠯᠠᠯᠲᠠ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠤᠨ ᠤᠰᠤᠯᠠᠯᠲᠠ ᠶᠢᠨ ᠤᠰᠤ ᠬᠠᠩᠭᠠᠬᠤ ᠦᠨ᠎ᠡ ᠶᠢᠨ ᠲᠣᠬᠢᠷᠠᠭᠤᠯᠤᠯᠲᠠ ᠶᠢᠨ ᠲᠥᠰᠦᠯ ᠳᠤ ᠲᠣᠳᠣᠷᠬᠠᠶᠢᠯᠠᠯᠲᠠ ᠬᠢᠪᠠ᠃ ᠬᠤᠷᠠᠯ ᠳᠤ ᠣᠷᠣᠯᠴᠠᠭᠰᠠᠳ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ ᠂ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠰᠠᠨᠠᠯ ᠰᠣᠨᠣᠰᠬᠤ ᠲᠥᠰᠦᠯ ᠤᠨ ᠲᠣᠭᠤᠷᠢᠨ ᠳᠤ ᠰᠠᠨᠠᠯ ᠰᠠᠨᠠᠭᠤᠯᠭ᠎ᠠ ᠪᠠᠨ ᠳᠤᠷᠠᠳᠴᠠᠶ᠃      ᠣᠶᠢᠯᠠᠭᠠᠭᠰᠠᠨ ᠢᠶᠠᠷ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠲᠠᠷᠢᠶᠠᠯᠠᠩ ᠤᠨ ᠤᠰᠤ ᠠᠷᠪᠢᠯᠠᠬᠤ ᠪᠠ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠣᠭᠲᠠᠬᠤ ᠰᠢᠶᠠᠨ ᠤ ᠬᠠᠲᠤᠨ ᠭᠤᠤᠯ ᠤᠨ ᠤᠰᠤ ᠶᠢ ᠲᠠᠲᠠᠬᠤ ᠤᠰᠤᠯᠠᠯᠲᠠ ᠶᠢᠨ ᠬᠢᠵᠠᠭᠠᠷᠲᠤ ᠺᠣᠮᠫᠠᠨᠢ ᠶᠢᠨ 2016 ᠣᠨ — 2020 ᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠠᠩᠭᠠᠬᠤ ᠥᠪᠡᠷ ᠤᠨ ᠥᠷᠲᠡᠭ ᠲᠤ ᠬᠠᠤᠯᠢ ᠶᠣᠰᠣᠭᠠᠷ ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ᠬᠢᠵᠦ᠂ ᠲᠣᠭᠲᠠᠬᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠤᠨ ᠤᠰᠤ ᠬᠠᠩᠭᠠᠬᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠲᠥᠰᠦᠯ ᠢ ᠲᠣᠭᠲᠠᠭᠠᠪᠠ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠭᠡᠷᠡᠴᠢᠯᠡᠭᠡ ᠰᠣᠨᠣᠰᠬᠤ ᠲᠥᠯᠥᠭᠡᠯᠡᠭᠴᠢ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠤᠰᠤ ᠬᠠᠩᠭᠠᠬᠤ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨ ᠤ ᠳᠠᠷᠠᠭ᠎ᠠ ᠮᠡᠳᠡᠭᠦᠯᠦᠨ ᠬᠢᠨᠠᠭᠤᠯᠬᠤ ᠲᠥᠰᠦᠯ ᠢᠶᠠᠷ ᠲᠣᠭᠲᠠᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1