ᠮᠠᠨ ᠤ ᠰᠢᠶᠠᠨ ᠥᠪᠥᠷ ᠮᠣᠩᠭᠤᠯ ᠤᠨ ᠱᠠᠨᠳᠦ᠋ᠩ ᠬᠤᠳᠠᠯᠳᠤᠭᠠᠴᠢᠳ ᠤᠨ ᠡᠪᠯᠡᠯ ᠲᠠᠢ ᠪᠡᠯᠡ ᠣᠷᠣᠭᠤᠯᠤᠯᠲᠠ ᠶᠢᠨ ᠵᠦᠪᠳᠡᠯᠴᠡᠭᠡᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/3
      12 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠱᠠᠨᠳᠦ᠋ᠩ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠭᠦᠸᠧ ᠵᠢᠶᠠᠨ ᠵᠢᠶᠦ᠋ᠨ ᠤ ᠳᠠᠭᠠᠭᠤᠯᠤᠭᠰᠠᠨ ᠥᠪᠥᠷ ᠮᠣᠩᠭᠤᠯ ᠤᠨ ᠱᠠᠨᠳᠦ᠋ᠩ ᠬᠤᠳᠠᠯᠳᠤᠭᠠᠴᠢᠳ ᠤᠨ ᠡᠪᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠰᠢᠶᠠᠨ ᠳᠤ ᠬᠦᠷᠴᠦ᠂ ᠭᠦᠨᠵᠡᠭᠡᠢ ᠬᠠᠮᠲᠤᠷᠠᠯᠴᠠᠬᠤ ᠲᠤᠬᠠᠢ ᠰᠢᠨᠵᠢᠯᠡᠨ ᠪᠠᠶᠢᠴᠠᠭᠠᠵᠤ ᠵᠥᠪᠳᠡᠯᠴᠡᠪᠡ᠃
     ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠭᠤᠤ ᠵᠧᠩ᠂ ᠯᠢᠦ ᡁᠢ ᠴᠢᠶᠠᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠥᠪᠳᠡᠯᠴᠡᠬᠡᠷ ᠤᠨ ᠣᠷᠣᠯᠴᠠᠵᠠᠶ᠃ ᠵᠥᠪᠳᠡᠯᠴᠡᠬᠡᠷ ᠤᠨ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ᠂ ᠥᠪᠥᠷ ᠮᠣᠩᠭᠤᠯ ᠤᠨ ᠱᠠᠨᠳᠦ᠋ᠩ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠭᠦᠸᠧ ᠵᠢᠶᠠᠨ ᠵᠢᠶᠦ᠋ᠨ ᠲᠣᠰ ᠲᠣᠰ ᠮᠠᠨ ᠤ ᠰᠢᠶᠠᠨ ᠤ ᠦᠨᠳᠦᠰᠦᠨ ᠪᠠᠶᠢᠳᠠᠯ ᠪᠠ ᠲᠣᠰ ᠤᠳᠠᠭᠠᠨ ᠤ ᠰᠢᠨᠵᠢᠯᠡᠨ ᠪᠠᠶᠢᠴᠠᠭᠠᠭᠰᠠᠨ ᠪᠠᠶᠢᠳᠠᠯ ᠢ ᠲᠠᠨᠢᠯᠴᠠᠭᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠰᠢᠨᠵᠢᠯᠡᠨ ᠪᠠᠶᠢᠴᠠᠭᠠᠬᠤ ᠪᠦᠯᠬᠦᠮ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠲᠠᠯ᠎ᠠ ᠪᠠᠷ ᠳᠤᠷᠠᠳᠤᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃      ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠲᠣᠭᠲᠠᠬᠤ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠤᠶᠢᠵᠢᠭᠤᠯᠬᠤ ᠬᠠᠷᠠᠯᠲᠠᠲᠤ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠪᠥᠬᠦ ᠰᠢᠶᠠᠨ ᠤ ᠪᠣᠬᠢᠷᠲᠤᠯ ᠥᠬᠡᠶ ᠴᠠᠬᠢᠯᠭᠠᠨ ᠬᠦᠴᠦᠨ᠂ ᠠᠮᠢᠳᠤ ᠪᠣᠳᠠᠰ ᠤᠨ ᠡᠮ ᠡᠮᠨᠡᠯᠭᠡ᠂ ᠣᠳᠣᠬᠢᠴᠢᠯᠠᠭᠰᠠᠨ ᠠᠵᠤ ᠦᠢᠯᠡᠳᠪᠦᠷᠢ ᠵᠡᠷᠭᠡ ᠭᠤᠤᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢᠨ ᠲᠣᠭᠤᠷᠢᠨ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠤᠰᠬᠠᠶ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ ᠶᠢ ᠶᠡᠬᠡᠪᠡᠷ ᠬᠡᠷᠡᠭᠵᠢᠭᠦᠯᠦᠨ᠂ ᠲᠣᠭᠲᠠᠬᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ ᠭᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠱᠠᠨᠳᠦ᠋ᠩ ᠬᠤᠳᠠᠯᠳᠤᠭᠠᠴᠢᠳ ᠤᠨ ᠡᠪᠯᠡᠯ ᠪᠣᠯᠤᠨ ᠲᠣᠭᠲᠠᠬᠤ ᠰᠢᠶᠠᠨ ᠮᠠᠰᠢ ᠶᠡᠭᠡ ᠬᠠᠮᠲᠤᠷᠠᠨ ᠠᠵᠢᠯᠯᠠᠬᠤ ᠣᠷᠣᠨ ᠵᠠᠶ ᠲᠠᠢ᠂ ᠪᠢᠳᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠦᠬᠦ ᠶᠠᠪᠤᠴᠠ ᠳᠤ ᠲᠤᠤᠱᠯᠠᠭᠤᠯᠵᠤ᠂ ᠪᠦᠬᠦ ᠬᠦᠴᠦᠨ ᠢᠶᠠᠷ ᠢᠶᠠᠨ ᠤᠯᠠᠨ ᠲᠦᠮᠡᠨ ᠳᠤ ᠬᠠᠮᠤᠭ ᠤᠨ ᠰᠠᠶᠢᠨ ᠢᠵᠢ ᠪᠦᠷᠢᠳᠦᠭᠰᠡᠨ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠰᠡᠳᠬᠢᠯ ᠠᠴᠠ ᠪᠠᠨ ᠪᠠᠲᠤᠯᠠᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠵᠣᠯᠭᠠᠯᠴᠠᠵᠤ᠂ ᠭᠦᠨᠵᠡᠭᠡᠢ ᠰᠤᠳᠤᠯᠤᠨ ᠶᠠᠷᠢᠯᠴᠠᠵᠤ᠂ ᠲᠦᠷᠦᠯ ᠵᠦᠢᠯ ᠤᠨ ᠪᠡᠯᠡ ᠣᠷᠣᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠤᠯᠵᠤ᠂ ᠬᠠᠮᠲᠤᠷᠠᠯᠴᠠᠭ᠎ᠠ ᠬᠢᠵᠦ ᠬᠠᠷᠢᠯᠴᠠᠨ ᠠᠰᠢᠭ ᠬᠦᠷᠲᠡᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1