ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/1/3
      12 ᠳ᠋ᠤᠭᠠᠷ ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠣᠷᠣᠯᠠᠭᠴᠢ  ᠳᠠᠷᠤᠭ᠎ᠠ ᠭᠤᠣ ᠵᠧᠩ ᠤᠷᠢᠳ ᠬᠤᠵᠢᠳ ᠱᠤᠸᠠᠩ ᠾᠧ ᠪᠠᠯᠭᠠᠰᠤᠨ ᠤ ᠬᠤᠶᠠᠳᠤᠭᠠᠷ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠲᠣᠭᠲᠠᠬᠤ ᠮᠠᠰᠢᠨ ᠲᠡᠷᠭᠡᠨ ᠤ ᠥᠷᠲᠡᠭᠡ᠂ ᠸᠠᠨ ᠰᠢᠩ ᠲᠠᠯᠠᠪᠠᠶ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃
     ᠱᠤᠸᠠᠩ ᠾᠧ ᠪᠠᠯᠭᠠᠰᠤᠨ ᠤ ᠬᠤᠶᠠᠳᠤᠭᠠᠷ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠡᠤᠬᠡᠳ᠂ ᠨᠠᠰᠤᠨ ᠳᠤ ᠭᠦᠷᠦᠭᠰᠡᠳ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠠᠷᠢᠯᠭ᠎ᠠ ᠶᠢᠨ ᠴᠢᠭ ᠤᠨ ᠲᠠᠷᠢᠯᠭ᠎ᠠ ᠶᠢᠨ ᠶᠠᠪᠤᠴᠠ᠂ ᠲᠠᠷᠢᠯᠭ᠎ᠠ ᠶᠢᠨ ᠬᠥᠮᠦᠨ ᠤ ᠲᠤᠭ᠎ᠠ᠂ ᠡᠮᠨᠡᠯᠭᠡ ᠶᠢᠨ ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠨ᠎ᠠ᠂ ᠮᠢᠨᠴᠦᠭᠦᠷᠡᠨ ᠲᠠᠶᠢᠪᠤᠰᠢᠷᠠᠬᠤ᠂ ᠭᠤᠷᠢᠳᠠᠬᠤ ᠦᠵᠡᠯ ᠰᠠᠨᠠᠭ᠎ᠠ ᠶᠢ ᠰᠤᠯᠠᠷᠠᠭᠤᠯᠵᠤ ᠪᠤᠯᠬᠤ ᠦᠭᠡᠢ᠂ ᠸᠠᠺᠼᠢᠨ ᠤ ᠲᠠᠷᠢᠯᠭ᠎ᠠ ᠶᠢ ᠰᠠᠶᠢᠲᠤᠷ ᠬᠢᠬᠦ ᠶᠢᠨ ᠵᠡᠷᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ︽ᠬᠤᠶᠠᠷ ᠪᠠᠶᠠᠷ︾ ᠤᠨ ᠡᠳᠦᠷ ᠣᠶᠢᠷᠠᠳᠬᠤ ᠶᠢ ᠳᠠᠭᠠᠯᠳᠤᠨ᠂ ᠨᠤᠲᠤᠭ ᠲᠠᠭᠠᠨ ᠪᠤᠴᠠᠭᠰᠠᠳ ᠤᠯᠠᠮ ᠢᠶᠠᠷ ᠣᠯᠠᠰᠢᠷᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠲᠠᠢ ᠪᠠᠷ ᠬᠠᠷᠢᠭᠤᠴᠠᠯᠭ᠎ᠠ ᠪᠠᠨ ᠭᠦᠢᠴᠡᠳᠭᠡᠵᠦ᠂ ᠨᠤᠲᠤᠭ ᠲᠠᠭᠠᠨ ᠪᠤᠴᠠᠭᠰᠠᠳ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠣᠶᠢᠯᠠᠭᠠᠵᠤ᠂ ᠲᠠᠷᠢᠯᠭ᠎ᠠ ᠬᠢᠵᠦ ᠳᠠᠭᠤᠰᠤᠭᠠᠳᠤᠶ ᠨᠤᠲᠤᠭ ᠲᠠᠭᠠᠨ ᠪᠤᠴᠠᠭᠰᠠᠳ ᠬᠥᠮᠦᠰ ᠢ ᠢᠳᠡᠪᠬᠢᠲᠡᠶ ᠳᠠᠶᠢᠴᠢᠯᠠᠨ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠣᠶᠢᠷ᠎ᠠ ᠬᠠᠪᠢ ᠳᠤᠨᠢ ᠸᠠᠺᠼᠢᠨ ᠤ ᠲᠠᠷᠢᠯᠭ᠎ᠠ ᠬᠢᠯᠭᠡᠵᠦ᠂ ︽ᠸᠠᠺᠼᠢᠨ ᠤ ᠲᠠᠷᠢᠯᠭ᠎ᠠ ᠬᠢᠪᠡᠯ ᠵᠣᠬᠢᠬᠤ ᠶᠢ ᠨᠢ ᠴᠥᠮ ᠸᠠᠺᠼᠢᠨ ᠤ ᠲᠠᠷᠢᠯᠭ᠎ᠠ ᠬᠢᠯᠭᠡᠬᠦ︾ ᠬᠡᠷᠡᠭᠲᠡᠶ᠃ ᠸᠠᠺᠼᠢᠨ ᠤ ᠲᠠᠷᠢᠯᠭ᠎ᠠ ᠶᠢᠨ ᠴᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠸᠠᠺᠼᠢᠨ ᠤ ᠲᠠᠰᠤᠷᠠᠯᠲᠠ ᠥᠬᠡᠶ ᠵᠠᠯᠭᠠᠯᠳᠤᠬᠤ᠂ ᠲᠠᠷᠢᠯᠭ᠎ᠠ ᠶᠢ  ᠵᠤᠭᠰᠤᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠦᠷᠭᠦᠯᠵᠢᠯᠡᠨ ᠠᠮᠤᠷ ᠲᠦᠪᠰᠢᠨ ᠡᠮᠬᠢ ᠵᠢᠷᠤᠮ ᠲᠠᠢ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
     ᠲᠣᠭᠲᠠᠬᠤ ᠮᠠᠰᠢᠨ ᠲᠡᠷᠭᠡᠨ ᠤ ᠥᠷᠲᠡᠭᠡᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠰᠢᠨ ᠲᠡᠷᠭᠡᠨ ᠤ ᠥᠷᠲᠡᠭᠡᠨ ᠤ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠶᠠᠨᠴᠢᠳ ᠤᠨ ᠥᠷᠲᠡᠭᠡᠨ ᠳᠤ ᠣᠷᠣᠬᠤ ᠠᠮᠤᠷ ᠲᠦᠪᠰᠢᠨ ᠤ ᠪᠠᠶᠢᠴᠠᠭᠠᠯᠲᠠ᠂ ᠪᠡᠶ᠎ᠡ ᠶᠢᠨ ᠳᠤᠯᠠᠭᠠᠨ ᠤ ᠬᠡᠮᠵᠢᠯᠲᠡ᠂ ᠳᠡᠩᠰᠡᠯᠡᠯᠲᠡ ᠶᠢᠨ ᠡᠬᠡ ᠲᠠᠩᠰᠠ᠂ ᠰᠡᠷᠭᠡᠶᠢᠯᠡᠨ ᠬᠠᠮᠠᠭᠠᠯᠠᠬᠤ ᠤᠬᠠᠭᠤᠯᠭ᠎ᠠ᠂ ᠲᠡᠷᠭᠡ ᠬᠦᠯᠢᠶᠡᠬᠦ ᠲᠢᠩᠬᠢᠮ ᠤᠨ ᠠᠷᠢᠭᠤᠳᠬᠠᠨ ᠤᠰᠠᠳᠬᠠᠬᠤ ᠶᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠮᠠᠰᠢᠨ ᠲᠡᠷᠭᠡᠨ ᠤ ᠥᠷᠲᠡᠭᠡᠨ ᠤ ᠬᠥᠮᠦᠰ ᠤᠨ ᠴᠤᠭᠯᠠᠷᠠᠯ ᠤᠨ ᠴᠢᠨᠠᠷ ᠢᠶᠠᠷ ᠴᠢᠩᠭ᠎ᠠ᠂ ᠰᠢᠯᠵᠢᠮᠡᠯ ᠴᠢᠨᠠᠷ ᠢᠶᠠᠷ ᠶᠡᠭᠡ ᠪᠠᠶᠢᠳᠠᠭ᠂ ᠡᠨᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ ᠪᠣᠯᠬᠤᠷ ᠡᠷᠬᠡᠪᠰᠢ ᠥᠷᠲᠡᠭᠡᠨ ᠠᠴᠠ ᠭᠠᠷᠴᠤ ᠪᠠᠶᠢᠴᠠᠭᠠᠬᠤ᠂ ᠠᠶᠠᠨᠴᠢᠳ ᠤᠨ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠨᠣᠮᠧᠷ ᠰᠢᠷᠪᠢᠬᠦ ᠵᠡᠷᠭᠡ ᠡᠯ᠎ᠡ ᠵᠠᠩᠭᠢᠯᠠᠭ᠎ᠠ ᠶᠢ ᠴᠢᠩᠭ᠎ᠠ ᠠᠳᠬᠤᠵᠤ᠂ ᠰᠠᠯᠬᠢ ᠨᠡᠪᠲᠡᠷᠡᠭᠦᠯᠬᠦ᠂ ᠠᠷᠢᠯᠭᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠴᠢᠩᠭᠠᠳᠬᠠᠵᠤ᠂ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠳᠤ ᠦᠨᠡᠨᠬᠦ ᠰᠠᠶᠢᠲᠤᠷ ᠦᠢᠯᠡᠴᠢᠯᠡᠬᠦ ᠬᠡᠷᠡᠭᠲᠡᠶ ᠭᠡᠵᠡᠶ᠃
     ᠸᠠᠨ ᠰᠢᠩ ᠲᠠᠯᠠᠪᠠᠶ ᠶᠢᠨ ᠪᠸᠢ ᠹᠠᠩ ᠡᠮ ᠤᠨ ᠳᠡᠯᠭᠡᠭᠦᠷ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠡᠯ᠎ᠡ ᠡᠮ ᠤᠨ ᠳᠡᠯᠭᠡᠭᠦᠷ ᠤᠨ ᠬᠢᠨ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠠᠷᠠᠭᠤᠯ ᠤᠨ ᠭᠠᠵᠠᠷ︾ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠲᠠᠭᠰᠢᠭᠤᠷ᠂ ᠬᠠᠯᠠᠭᠤᠨ ᠢ ᠪᠠᠭᠤᠷᠠᠭᠤᠯᠬᠤ ᠲᠥᠷᠥᠯ ᠤᠨ ᠡᠮ ᠲᠠᠩ ᠤᠨ ᠦᠨᠡᠨ ᠨᠡᠷ᠎ᠡ ᠪᠠᠷ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠳᠡᠭᠡᠭᠰᠢ ᠮᠡᠳᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠲᠣᠰ ᠪᠡᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠠᠭᠠᠯᠠᠯᠲᠠ ᠪᠠᠨ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ ᠢ ᠠᠩᠬᠠᠷᠴᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1