ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/30
      1 ᠳ᠋ᠤᠭᠡᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠣ ᠵᠧᠩ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠠᠵᠢᠯᠯᠠᠬᠤ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠦ᠂ ︽ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ︽2022 ᠣᠨ ᠤ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ   ᠠᠴᠠ ᠣᠷᠣᠭᠤᠯᠤᠭᠰᠠᠨ ᠵᠢᠮᠢᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ︵ᠲᠤᠷᠰᠢᠨ ᠬᠡᠷᠡᠭᠵᠢᠭᠦᠯᠬᠦ︶ ᠢ ᠤᠯᠠᠮᠵᠢᠯᠠᠬᠤ ᠮᠡᠳᠡᠭᠳᠡᠯ︾ ᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ   ᠠᠴᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠬᠦᠷᠴᠦ ᠢᠷᠡᠬᠦ ᠪᠠᠷ ᠬᠥᠮᠥᠨ ᠤ ᠲᠤᠭ᠎ᠠ ᠨᠡᠮᠡᠭᠳᠡᠵᠦ ᠪᠠᠶᠢᠭ᠎ᠠ ᠪᠣᠯᠬᠤᠷ ᠨᠤᠲᠤᠭ ᠲᠠᠭᠠᠨ ᠪᠤᠴᠠᠭᠰᠠᠳ   ᠢ ᠵᠢᠭᠰᠠᠭᠠᠨ ᠪᠠᠶᠢᠴᠠᠭᠠᠵᠤ ᠳᠡᠩᠰᠡᠯᠡᠨ ᠬᠠᠮᠢᠶᠠᠷᠬᠤ ᠠᠷᠭ᠎ᠠ ᠬᠡᠮᠵᠢᠶ᠎ᠡ   ᠶᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠ ᠶᠡᠭᠡ ᠠᠶᠤᠯ ᠲᠦᠭᠰᠢᠭᠦᠷᠢᠳᠦ ᠭᠠᠵᠠᠷ ᠣᠷᠣᠨ   ᠠᠴᠠ ᠢᠷᠡᠭᠰᠡᠨ ᠬᠥᠮᠥᠰ   ᠢ ᠬᠠᠷᠭᠤᠭᠤᠯᠤᠨ ᠪᠠᠶᠢᠴᠠᠭᠠᠵᠤ ᠬᠠᠮᠢᠶᠠᠷᠤᠨ ᠡᠵᠡᠮᠳᠡᠬᠦ   ᠶᠢ ᠤᠯᠠᠮ ᠨᠢᠭᠡ ᠠᠯᠬᠤᠮ ᠴᠢᠩᠭᠠᠳᠬᠠᠨ᠂ ︽ᠨᠢᠭᠡ ᠲᠠᠯᠠᠪᠤᠷ ᠬᠤᠶᠠᠷ ᠥᠷᠲᠡᠭᠡ︾ ᠪᠣᠯᠣᠨ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠤ ᠬᠡᠮᠵᠢᠶ᠎ᠡ ᠶᠢ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ   ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠳᠦᠷᠢᠮ ᠲᠣᠭᠲᠠᠭᠠᠯ ᠶᠣᠰᠣᠭᠠᠷ ᠳᠤᠲᠠᠭᠳᠠᠯ ᠪᠠ ᠬᠦᠷᠦᠯᠴᠡᠬᠦ ᠦᠭᠡᠢ ᠲᠠᠯ᠎ᠠ ᠶᠢ ᠵᠦᠢᠯ ᠳᠠᠷᠠᠭᠠᠯᠠᠨ ᠡᠷᠢᠵᠦ᠂ ᠲᠤᠰᠠᠭᠠᠷᠯᠠᠬᠤ ᠪᠠᠭᠤᠳᠠᠯ ᠢ ᠴᠢᠩᠭ᠎ᠠ ᠬᠠᠮᠢᠶᠠᠷᠴᠤ᠂ ᠠᠷᠢᠭᠤᠳᠬᠠᠵᠦ ᠤᠰᠠᠳᠬᠠᠬᠤ᠂ ᠬᠤᠭᠤᠯᠠ ᠬᠦᠷᠭᠡᠬᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠬᠥᠮᠥᠰ ᠢ ᠰᠡᠷᠭᠡᠶᠢᠯᠡᠨ ᠬᠠᠮᠠᠭᠠᠯᠠᠬᠤ ᠵᠡᠷᠭᠡ ᠡᠯ᠎ᠡ ᠵᠦᠢᠯ ᠤᠨ ᠴᠤᠪᠤᠷᠠᠯ ᠢ ᠵᠢᠷᠤᠮᠵᠢᠭᠤᠯᠤᠨ᠂ ᠲᠤᠰᠠᠭᠠᠷᠯᠠᠬᠤ ᠴᠢᠭ ᠤᠨ ᠠᠵᠢᠯᠲᠠᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠬᠤ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠤᠳᠠᠭ᠎ᠠ ᠶᠢ ᠨᠡᠮᠡᠭᠳᠡᠭᠦᠯᠬᠦ ᠬᠡᠷᠡᠭᠲᠡᠢ᠃ ᠭᠠᠳᠠᠭᠠᠳᠤ ᠠᠴᠠ ᠣᠷᠣᠭᠤᠯᠬᠤ ᠪᠠ ᠳᠤᠮᠳᠠ ᠶᠡᠭᠡ ᠠᠶᠤᠯ ᠲᠦᠭᠰᠢᠭᠦᠷᠢᠳᠦ ᠭᠠᠵᠠᠷ ᠣᠷᠣᠨ ᠤ ᠡᠳ᠋ ᠪᠣᠳᠠᠰ ᠢ ᠦᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠴᠢᠩᠭᠠᠳᠬᠠᠵᠤ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠯᠳᠦ ᠠᠶᠤᠯ ᠲᠦᠭᠰᠢᠭᠦᠷᠢ ᠶᠡᠬᠡᠲᠡᠢ ᠠᠵᠢᠯᠲᠠᠨ ᠤ ᠬᠠᠮᠠᠭᠠᠯᠠᠯᠲᠠ ᠶᠢᠨ ᠬᠡᠷᠡᠭᠰᠡᠯ ᠠᠴᠠ ᠮᠤᠯᠲᠤᠷᠠᠬᠤ ᠶᠢ ᠵᠢᠷᠤᠮᠵᠢᠭᠤᠯᠵᠤ᠂ ᠬᠥᠯᠳᠡᠭᠡᠵᠦ ᠬᠡᠯᠬᠢᠶᠡᠵᠢᠭᠦᠯᠬᠦ᠂ ᠬᠥᠮᠥᠷᠭᠡᠯᠡᠨ ᠬᠠᠳᠠᠭᠠᠯᠠᠬᠤ᠂ ᠲᠦᠷᠭᠡᠨ ᠬᠦᠷᠭᠡᠬᠦ ᠂ ᠪᠠᠷᠠᠭᠠᠨ ᠤ ᠭᠦᠢᠯᠭᠡᠭᠡᠨ ᠵᠡᠷᠭᠡ ᠡᠳ᠋ ᠪᠣᠳᠠᠰ᠂ ᠣᠷᠴᠢᠨ ᠲᠣᠭᠤᠷᠢᠨ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠭᠠᠳᠠᠭᠠᠳᠤ   ᠠᠴᠠ ᠣᠷᠣᠭᠤᠯᠤᠭᠰᠠᠨ ᠬᠥᠯᠳᠡᠭᠡᠵᠦ ᠬᠡᠯᠬᠢᠶᠡᠵᠢᠭᠦᠯᠬᠦ ᠢᠳᠡᠭᠡᠨ ᠲᠠᠢ ᠰᠢᠭᠤᠳ ᠬᠦᠷᠦᠯᠴᠡᠬᠦ ᠬᠡᠰᠡᠭ ᠠᠵᠢᠯᠲᠠᠨ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠂ ᠥᠨᠳᠥᠷ ᠳᠠᠪᠲᠠᠮᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠠᠯᠠᠪᠤᠷ ᠭᠠᠵᠠᠷ ᠵᠡᠷᠭᠡ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃      ᠬᠤᠷᠠᠯ ᠠᠴᠠ᠂ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠠᠩᠬ᠎ᠠ ᠣᠨᠣᠰᠢᠯᠠᠬᠤ ᠶᠢ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠳᠦᠷᠢᠮ ᠢ ᠵᠢᠷᠤᠮᠵᠢᠭᠤᠯᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠡᠪ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠲᠠᠪᠤᠨ ᠲᠤᠰᠬᠠᠢ ᠠᠩᠭᠢ ᠶᠢᠨ ᠠᠵᠢᠯᠯᠠᠭᠠᠨ ᠢ ᠴᠢᠩᠭᠠᠳᠬᠠᠵᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠠᠵᠢᠯᠲᠠᠨ ᠢ ᠲᠥᠪᠬᠢᠨᠡᠭᠦᠯᠬᠦ᠂ ᠨᠡᠶᠢᠭᠡᠮ ᠠᠴᠠ ᠬᠠᠮᠢᠶᠠᠷᠤᠨ ᠡᠵᠡᠮᠳᠡᠬᠦ ᠳᠥᠷᠪᠡᠨ ᠡᠩᠨᠡᠭᠡ ᠶᠢ ᠲᠡᠭᠦᠯᠳᠡᠷᠵᠢᠭᠦᠯᠦᠨ᠂ ᠨᠠᠷᠢᠨ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠪᠠ ᠪᠣᠯᠪᠠᠰᠤᠷᠠᠭᠤᠯᠤᠯ ᠰᠣᠷᠢᠯᠲᠠ ᠶᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠪᠦᠬᠦᠨ ᠢ ᠬᠢᠨᠠᠨ ᠰᠢᠯᠭᠠᠬᠤ ᠳᠤ ᠣᠷᠣᠭᠤᠯᠵᠤ᠂ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾ ᠬᠡᠷᠡᠭᠲᠡᠢ᠃ 3 ︱ 11 ᠨᠠᠰᠤᠨ ᠤ ᠬᠥᠮᠥᠰ ᠲᠤ ᠲᠠᠷᠢᠯᠭ᠎ᠠ ᠬᠢᠬᠦ᠂ 60 ᠨᠠᠰᠤᠨ   ᠠᠴᠠ ᠳᠡᠭᠡᠭᠰᠢᠬᠢ ᠬᠥᠮᠥᠰ ᠲᠤ ᠲᠠᠷᠢᠯᠭ᠎ᠠ ᠬᠢᠬᠦ ᠪᠠ ᠲᠠᠷᠢᠯᠭ᠎ᠠ ᠶᠢᠨ ᠠᠵᠢᠯ ᠢ ᠴᠢᠩᠭᠠᠳᠬᠠᠵᠤ᠂ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠴᠤᠪᠤᠷᠠᠭᠤᠯᠤᠨ ᠰᠢᠯᠵᠢᠭᠦᠯᠬᠦ ᠡᠩᠨᠡᠭᠡ᠂ ᠪᠥᠭᠡᠮ ᠬᠦᠴᠢᠯ ᠤᠨ ᠥᠯᠢᠭᠡᠷ ᠠᠪᠬᠤ ᠡᠩᠨᠡᠭᠡ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ᠂ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ᠴᠢᠬᠤᠯᠠ ᠦᠭᠡᠢ ᠪᠤᠯ ᠰᠢᠯᠵᠢᠰᠢ ᠦᠭᠡᠢ᠃ ᠨᠡᠶᠢᠭᠡᠮ ᠲᠣᠭᠤᠷᠢᠭ ︵ᠲᠣᠰᠬᠤᠨ︶ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠰᠲ᠋ᠧᠮᠵᠢ ᠶᠢ ᠪᠦᠷᠢᠨᠰᠢᠭᠦᠯᠵᠦ᠂ ᠪᠠᠯᠭᠠᠰᠤᠨ ᠤ ᠺᠠᠳ᠋ᠷ᠂ ᠰᠦᠯᠵᠢᠶᠡᠨ ᠤ ᠠᠵᠢᠯᠲᠠᠨ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ᠂ ᠠᠷᠠᠳ ᠤᠨ ᠴᠠᠭᠳᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ︽ᠲᠠᠪᠤ ᠠᠴᠠ ᠨᠢᠭᠡ ᠶᠢ ᠳᠠᠭᠠᠭᠠᠴᠢᠯᠠᠬᠤ︾ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠬᠤ ᠬᠡᠷᠡᠭᠲᠡᠢ᠃ ᠲᠥᠪᠯᠡᠷᠡᠯ ᠤᠨ ᠴᠢᠨᠠᠷᠲᠠᠢ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠦᠭᠡᠢ ᠪᠣᠯ  ᠲᠤᠭᠳᠠᠬᠤ ᠰᠢᠶᠠᠨ   ᠠᠴᠠ ᠰᠠᠯᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠪᠥᠭᠡᠮ ᠬᠦᠴᠢᠯ ᠢ ᠪᠠᠶᠢᠴᠠᠭᠠᠨ ᠬᠡᠮᠵᠢᠬᠦ ᠡᠬᠢ ᠪᠠᠶᠠᠯᠢᠭ ᠤᠨ ᠲᠤᠤᠷᠴᠢᠯᠠᠭᠰᠠᠨ ᠪᠠᠶᠢᠷᠢᠰᠢᠯ ᠢ ᠲᠡᠭᠦᠯᠳᠡᠷᠵᠢᠭᠦᠯᠵᠦ᠂ 24 ᠴᠠᠭ ᠤᠨ ᠲᠦᠷᠭᠡᠨ ᠪᠠᠶᠢᠴᠠᠭᠠᠨ ᠬᠡᠮᠵᠢᠬᠦ ᠦᠢᠯᠡᠴᠢᠯᠡᠭᠡ ᠶᠢ ᠬᠡᠷᠡᠭᠵᠢᠭᠦᠯᠵᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃      ᠰᠢᠶᠠᠨ ᠤ ᠤᠳᠤᠷᠢᠳᠤᠯᠭ᠎ᠠ ᠭᠤᠤ ᠬᠠᠨ᠂ ᠶᠠᠩ ᠶᠢᠨ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1