ᠰᠢᠶᠠᠨ ᠤ ᠵᠠᠰᠠᠭ ᠤᠨ ᠣᠷᠳᠣᠨ ᠤ 2022 ᠣᠨ ᠤ 3 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ 2022 ᠣᠨ ᠤ 2 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/30
      1 ᠳ᠋ᠤᠭᠡᠷ ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠵᠠᠰᠠᠭ ᠤᠨ ᠣᠷᠳᠣᠨ ᠤ 2022 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠬᠤᠶᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ 2022 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠱᠢ ᠲᠠᠢ ᠹᠥ᠋ᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠤᠨ ᠰᠢᠢᠳᠪᠦᠷᠢ︾ ᠶᠢ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ︔ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︔ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠣᠨ ᠱᠢ ᠲᠠᠢ ᠹᠥ᠋ᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠲᠤᠬᠠᠢ ᠬᠡᠷᠡᠭᠵᠢᠭᠦᠯᠬᠦ ᠰᠠᠨᠠᠯ︾︔ ᠬᠤᠳᠠ ᠶᠢᠨ ᠵᠠᠰᠠᠭ ᠤᠨ ᠣᠷᠳᠣᠨ ᠤ 2022 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭ᠎ᠠ ᠪᠦᠷᠢᠳᠬᠡᠯ ᠤᠨ ᠠᠵᠢᠯ᠂ ᠴᠡᠷᠢᠭ ᠠᠴᠠ ᠬᠠᠯᠠᠭᠳᠠᠭᠰᠠᠳ ᠤᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠲᠤᠬᠠᠢ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠨᠠᠷᠢᠨ ᠰᠤᠷᠤᠯᠴᠠᠵᠦ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠦᠨᠡᠨᠬᠦ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠪᠣᠳᠠᠲᠤ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠤᠶᠠᠷ ᠢ ᠲᠣᠭᠲᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠴᠢᠨᠠᠭᠰᠢᠳᠠ ᠭᠦᠨᠵᠡᠭᠡᠢ ᠡᠵᠡᠮᠳᠡᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠦᠷ᠎ᠡ ᠪᠦᠲᠦᠭᠡᠯ ᠢ ᠴᠢᠨᠠᠭᠰᠢᠳᠠ ᠰᠠᠶᠢᠲᠤᠷ ᠰᠤᠷᠤᠯᠴᠠᠨ ᠬᠡᠷᠡᠭᠯᠡᠵᠦ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠴᠢᠨᠠᠭᠰᠢᠳᠠ ᠰᠠᠶᠢᠲᠤᠷ ᠰᠢᠢᠳᠪᠦᠷᠢᠯᠡᠵᠦ᠂ ᠠᠵᠢᠯ ᠤᠨ ᠶᠡᠭᠡ ᠲᠠᠯ᠎ᠠ ᠳᠤ ᠴᠢᠨᠠᠭᠰᠢᠳᠠ ᠦᠢᠯᠡᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠵᠦ᠂ ᠰᠢᠨ᠎ᠡ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠤᠳᠠ ᠶᠢᠨ ᠵᠠᠰᠠᠭ ᠤᠨ ᠣᠷᠳᠣᠨ ᠤ 2022 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠨᠥᠬᠦᠴᠡᠯ ᠢ ᠡᠷᠬᠢᠮᠯᠡᠬᠦ ᠦᠭᠡᠢ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠭᠡᠬᠦ ᠡᠨᠡᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠡᠷᠡᠰ ᠡᠭᠦᠷᠭᠡᠯᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠢ ᠴᠠᠭᠠᠵᠠᠯᠠᠬᠤ ︵ᠬᠢᠵᠠᠭᠠᠷᠯᠠᠬᠤ︶ ᠲᠠᠷᠢᠬᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ᠂ ︽ᠳᠥᠷᠪᠡ ᠶᠢ ᠤᠰᠤ ᠪᠠᠷ ᠳᠥᠷᠪᠡ ᠶᠢ ᠲᠣᠭᠲᠠᠭᠠᠬᠤ︾᠂ ᠭᠤᠣᠯ ᠤᠨ ᠵᠠᠮ ᠤᠨ ︽ᠲᠠᠪᠤ ᠶᠢ ᠰᠠᠮᠠᠭᠤᠷᠠᠭᠤᠯᠬᠤ︾᠂ ᠭᠤᠣᠯᠳᠠᠯᠭ᠎ᠠ ᠲᠠᠢ ᠠᠵᠢᠯ ᠲᠥᠷᠥᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ᠂ ᠡᠨᠧᠷᠭᠢ ᠶᠢᠨ ᠬᠤᠷᠣᠭᠳᠠᠭᠤᠯᠭ᠎ᠠ ᠶᠢ ᠬᠤᠶᠠᠷ᢭ᠢ ᠡᠵᠡᠮᠳᠡᠬᠦ ᠵᠡᠷᠭᠡ ᠠᠵᠢᠯ ᠢ ᠰᠠᠶᠢᠲᠤᠷ ᠠᠳᠬᠤᠨ᠎ᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠠᠯᠳᠠᠭᠳᠠᠯ ᠢ ᠪᠠᠶᠢᠴᠠᠭᠠᠨ ᠨᠥᠬᠦᠪᠦᠷᠢᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠪᠦᠬᠦ ᠰᠢᠶᠠᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠠᠬᠢᠭᠤᠯᠤᠭᠰᠠᠨ ᠪᠠ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠶᠠᠨ ᠤ ᠱᠠᠲᠤᠨ ᠤ ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠤᠴᠢᠷ ᠶᠠᠪᠤᠳᠠᠯ ᠢ ᠰᠤᠳᠤᠯᠤᠨ ᠶᠠᠷᠢᠯᠴᠠᠵᠤ᠂ ᠲᠣᠭᠲᠠᠬᠤ ᠰᠢᠶᠠᠨ ᠤ ᠦᠤᠱᠧᠨ ᠪᠠᠯᠭᠠᠰᠤᠨ ᠤ ᠦᠤᠱᠧᠨ ᠲᠣᠰᠬᠤᠨ᠂ ᠨᠠᠶᠢᠵᠠ ᠭᠡᠷ ᠲᠣᠰᠬᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠲᠤᠬᠠᠢ᠂ ︽ᠲᠣᠭᠲᠠᠬᠤ ᠰᠢᠶᠠᠨ ᠤ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ︽ᠲᠣᠭᠲᠠᠬᠤ ᠰᠢᠶᠠᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠬᠡᠷᠡᠭᠵᠢᠭᠦᠯᠬᠦ ᠲᠥᠰᠥᠯ ︵2022 ︱ 2025 ᠣᠨ︶︾ ︽ᠲᠣᠭᠲᠠᠬᠤ ᠰᠢᠶᠠᠨ 2022 ᠣᠨ ᠳᠤ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠪᠣᠭᠤᠮᠲᠠ ᠰᠢᠪᠲᠤᠯᠬᠤ ᠲᠥᠰᠥᠯ︾ ᠰᠤᠳᠤᠯᠤᠨ ᠶᠠᠷᠢᠯᠴᠠᠪᠠ᠃      ᠬᠤᠷᠠᠯ ᠠᠴᠠ᠂ ᠪᠠᠰᠠ ᠣᠶᠢᠷ᠎ᠠ ᠶᠢᠨ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠲᠦᠳᠡᠭ ᠭᠠᠯ  ᠢ ᠴᠠᠭᠠᠵᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ᠂ ᠠᠮᠠᠷᠠᠯᠲᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠰᠢᠶᠠᠨ ᠤ ᠤᠳᠤᠷᠢᠳᠤᠯᠭ᠎ᠠ ᠭᠤᠤ ᠬᠠᠨ᠂ ᠶᠠᠩ ᠶᠢᠨ᠂ ᠵᠠᠩ ᠵᠧᠨ ᠬᠠᠢ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1