ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠮᠠᠨ ᠤ ᠰᠢᠶᠠᠨ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/1/30
      1 ᠳ᠋ᠤᠭᠡᠷ ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠮᠠᠨ ᠤ ᠰᠢᠶᠠᠨ ᠳᠤ ᠭᠦᠨᠵᠡᠭᠡᠶᠢᠷᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠰᠦᠨ ᠬᠠᠢ ᠱᠧᠩ᠂ ᠯᠢᠦ ᠹᠧᠢ᠂ ᠵᠠᠩ ᠵᠧᠨ ᠬᠠᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
     ᠭᠧ ᡁᠢ ᠮᠢᠨ ᠤᠷᠢᠳ ᠬᠤᠵᠢᠳ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ᠂ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠨᠠᠨᠫᠢᠩ ᠨᠡᠶᠢᠭᠡᠮ ᠲᠣᠭᠤᠷᠢᠭ᠂ ᠬᠠᠷ᠎ᠠ ᠪᠠᠶᠢᠰᠢᠩ ᠲᠣᠰᠬᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠶᠢᠴᠠᠭᠠᠨ ᠰᠤᠳᠤᠯᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ ᠲᠤᠬᠠᠢ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃
<< < 1 2 > >>  
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1