ᠬᠤᠲᠠ ᠪᠠᠯᠭᠠᠰᠤᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠨ ᠬᠡᠷᠡᠭᠵᠢᠭᠦᠯᠬᠦ ᠲᠤᠬᠠᠶ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/1/5
ᠡᠯ᠎ᠡ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ᠂ ᠬᠠᠲᠤᠨ ᠭᠤᠤᠯ ᠤᠨ ᠨᠤᠭᠤ ᠭᠠᠵᠠᠷ ᠤᠨ ᠬᠠᠮᠠᠭᠠᠯᠠᠯᠳᠠ ᠬᠠᠮᠢᠶᠠᠷᠤᠯᠳᠠ ᠶᠢᠨ ᠲᠥᠪ᠂ ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠨᠢᠭᠡᠴᠡ ᠳᠤ᠄      ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠪᠣᠯᠤᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠳᠠᠬᠢ ᠬᠠᠮᠢᠶᠠᠷᠤᠯᠲᠠ ᠵᠢᠴᠢ ᠬᠤᠷᠸ᠎ᠠ ᠲᠣᠬᠢᠷᠠᠭᠤᠯᠤᠯ ᠡᠵᠡᠮᠳᠡᠯ ᠤᠨ ᠳᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠦ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽2019 ᠣᠨ ᠤ ᠪᠠᠶᠢᠭᠠᠯᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠠᠵᠢᠯ ᠢ ᠪᠠᠶᠢᠷᠢᠯᠠᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠠᠯᠪᠠᠨ ᠲᠠᠷᠬᠠᠭᠠᠭᠰᠠᠨ ﹇2019﹈ 36 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠵᠠᠷᠯᠠᠨ ᠨᠡᠶᠢᠲᠡᠯᠡᠬᠦ ᠦᠨ᠎ᠡ ᠬᠠᠩᠰᠢ ᠶᠢᠨ ᠰᠢᠰᠲ᠋ᠧᠮᠵᠢ ᠶᠢ ᠪᠠᠶᠢᠭᠤᠯᠬᠤ ᠪᠠ 6 ᠵᠢᠯ ᠠᠴᠠ ᠳᠡᠭᠡᠭᠰᠢ ᠰᠠᠭᠤᠷᠢ ᠪᠠᠷᠢᠮᠵᠢᠶᠠᠳᠦ ᠦᠨ᠎ᠡ ᠶᠢ ᠥᠯᠥ ᠰᠢᠨᠡᠳᠬᠡᠭᠰᠡᠨ ᠬᠤᠰᠢᠭᠤ ᠰᠢᠶᠠᠨ ᠢ ᠵᠠᠷᠯᠠᠨ ᠮᠡᠳᠡᠭᠳᠡᠬᠦ ᠲᠤᠬᠠᠶ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ  ﹇2020  ﹈ 84 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠰᠢᠶᠠᠨ ᠱᠤᠸᠠᠩ ᠾᠧ ᠪᠠᠯᠭᠠᠰᠤ᠂ ᠰᠢᠨ᠎ᠡ ᠶᠢᠩᠽᠢ ᠪᠠᠯᠭᠠᠰᠤ ᠪᠠ ᠲᠣᠭᠲᠠᠬᠤ ᠠᠵᠤ  ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠢ ᠪᠡᠶᠡᠯᠡᠭᠦᠯᠵᠦ᠂ ᠰᠢᠨᠡᠳᠬᠡᠭᠰᠡᠨ ᠦᠷ᠎ᠡ ᠪᠦᠲᠦᠭᠡᠯ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠪᠥᠭᠡᠳ ᠨᠢᠭᠡᠨᠲᠡ ᠱᠠᠲᠤ ᠳᠠᠷᠠᠭᠠᠯᠠᠨ ᠳᠠᠩᠰᠠᠯᠠᠭᠤᠯᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾ ᠪᠣᠯᠤᠨ ︽ᠤᠯᠤᠰ ᠤᠨ ᠥᠮᠴᠢᠯᠡᠯ ᠤᠨ ᠭᠠᠵᠠᠷ ᠰᠢᠷᠣᠶ ᠭᠡᠷ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠤᠨ ᠲᠣᠭᠲᠠᠭᠠᠯ ᠢ ᠦᠨᠳᠦᠰᠦᠯᠡᠨ᠂ ᠡᠳᠦᠭᠡ ᠱᠤᠸᠠᠩ ᠾᠧ ᠪᠠᠯᠭᠠᠰᠤ᠂ ᠰᠢᠨ᠎ᠡ ᠶᠢᠩᠽᠢ ᠪᠠᠯᠭᠠᠰᠤ ᠪᠣᠯᠤᠨ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠤᠲᠠ ᠪᠠᠯᠭᠠᠰᠤ ᠶᠢᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠶᠢᠨ ᠬᠠᠮᠲᠤ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ 2016 ᠣᠨ ᠳᠤ ᠨᠡᠶᠢᠲᠡᠯᠡᠭᠰᠡᠨ ᠱᠤᠸᠠᠩ ᠾᠧ ᠪᠠᠯᠭᠠᠰᠤ᠂ ᠰᠢᠨ᠎ᠡ ᠶᠢᠩᠽᠢ ᠪᠠᠯᠭᠠᠰᠤ ᠪᠣᠯᠤᠨ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠤᠲᠠ ᠪᠠᠯᠭᠠᠰᠤ ᠶᠢᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃      2021 ᠣᠨ ᠤ 12 ᠳ᠋ᠤᠭᠠᠷ ᠰᠠᠷ᠎ᠠ ᠶᠢᠨ 27 ᠤ ᠡᠳᠦᠷ
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1