ᠦᠨᠢᠶᠡᠨ ᠰᠦ ᠠᠴᠠ ᠦᠨᠡᠲᠡᠢ᠂  ᠬᠡᠭᠡᠯ ᠲᠠᠢ ᠭᠡᠭᠦᠦ ᠶᠢᠨ ᠰᠢᠭᠡᠰᠦ ᠦᠨ᠎ᠡ ᠳᠤ ᠬᠦᠷᠴᠤ ᠪᠠᠶᠢᠨ᠎ᠠ
ᠨᠡᠶᠢᠲᠡᠯᠡᠭᠰᠡᠨ ᠴᠠᠭ᠄
2022/1/5
      11 ᠰᠠᠷ᠎ᠠ ᠶᠢᠨ 15 ᠤ ᠡᠳᠦᠷ᠂ ᠰᠢᠨᠵᠢᠶᠠᠩ ᠤᠨ ᠵᠣᠣ ᠰᠦ᠋ ᠰᠢᠶᠠᠨ ᠤ ᠵᠣᠣ ᠰᠦ᠋ ᠠᠳᠤᠭᠤᠨ ᠤ ᠲᠠᠯᠠᠪᠠᠶ  ᠶᠢᠨ ᠬᠡᠭᠡᠯ ᠲᠠᠢ ᠭᠡᠭᠦᠦ ᠶᠢᠨ ᠰᠢᠭᠡᠰᠦᠨ ᠤ ᠰᠠᠭᠤᠷᠢᠨ ᠭᠠᠵᠠᠷ ᠲᠤ᠂ 800 ᠬᠡᠭᠡᠯᠲᠦᠭᠰᠡᠨ ᠭᠡᠭᠦᠦ ᠶᠢ ᠬᠠᠰᠢᠶᠠᠨ  ᠳᠠᠭᠠᠨ ᠤᠶᠠᠵᠤ᠂ ᠠᠵᠢᠯᠲᠠᠳ ᠡᠪᠡᠰᠦ ᠪᠣᠷᠳᠤᠭ᠎ᠠ ᠢᠳᠡᠭᠦᠯᠵᠦ᠂ ᠬᠡᠭᠡᠯᠲᠦᠭᠰᠡᠨ ᠭᠡᠭᠦᠦ ᠶᠢᠨ ᠰᠢᠬᠡᠰᠤ ᠶᠢ ᠬᠤᠷᠢᠶᠠᠵᠤ ᠪᠠᠶᠢᠨ᠎ᠠ᠃        ᠰᠢᠨᠵᠢᠯᠡᠬᠦ ᠤᠬᠠᠭᠠᠨᠴᠢ ᠠᠷᠭ᠎ᠠ ᠪᠠᠷᠢᠯ ᠢᠶᠠᠷ ᠬᠡᠭᠡᠯ ᠲᠠᠢ ᠭᠡᠭᠦᠦ ᠶᠢᠨ ᠰᠢᠭᠡᠰᠦ ᠠᠴᠠ ᠬᠥᠮᠦᠨ ᠲᠥᠷᠥᠯᠬᠢᠲᠡᠨ  ᠤ ᠭᠧᠨ ᠲᠠᠢ  ᠬᠠᠮᠤᠭ ᠣᠶᠢᠷᠠᠯᠴᠠᠭ᠎ᠠ ᠡᠮ᠎ᠡ ᠬᠤᠷᠮᠣᠨ ᠢ ᠭᠠᠷᠭᠠᠨ ᠠᠪᠴᠤ᠂ ᠭᠤᠣᠯᠳᠠᠭᠤ ᠹᠢᠽᠢᠣᠯᠣᠭᠢ ᠶᠢᠨ ᠪᠠ ᠡᠪᠡᠳᠴᠢᠨ ᠤ ᠵᠦᠢ ᠶᠢᠨ  ᠰᠢᠯᠲᠠᠭᠠᠨ ᠠᠴᠠ ᠪᠣᠯᠤᠭᠰᠠᠨ ᠡᠮ᠎ᠡ ᠬᠤᠷᠮᠣᠨ ᠤ ᠰᠢᠭᠦᠷᠡᠯᠲᠡ ᠭᠦᠢᠴᠡᠳ ᠪᠤᠰᠤ ᠵᠢᠴᠢ ᠡᠭᠦᠨ ᠠᠴᠠ ᠪᠣᠯᠤᠭᠰᠠᠨ ᠡᠮᠡᠭᠲᠡᠶᠢᠴᠦᠳ   ᠤᠨ ᠴᠡᠪᠡᠷᠰᠢᠬᠦ ᠬᠤᠭᠤᠴᠠᠭᠠᠨ ᠤ ᠨᠡᠶᠢᠯᠡᠭ ᠭᠡᠮ᠂ ᠶᠠᠰᠤᠨ ᠤ ᠡᠳ᠋ ᠰᠡᠶᠢᠷᠡᠭᠵᠢᠬᠦ ᠪᠠ ᠵᠢᠷᠦᠬᠡᠨ ᠲᠢᠲᠢᠮ ᠤᠨ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠨ᠎ᠡ᠃ ︽ᠰᠠᠭᠤᠷᠢᠨ ᠭᠠᠵᠠᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠤᠨ ᠲᠣᠭᠤᠷᠢᠨ ᠳᠤ᠂ ᠵᠣᠣ ᠰᠦ᠋ ᠠᠳᠤᠭᠤᠨ ᠤ ᠲᠠᠯᠠᠪᠠᠶ ᠨᠢ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠬᠡᠭᠡᠯ ᠲᠠᠢ ᠭᠡᠭᠦᠦ ᠶᠢᠨ ᠰᠢᠭᠡᠰᠦ ᠨᠢ ᠺᠢᠯᠣᠭ᠍ᠷᠠᠮ ᠪᠦᠷᠢ ᠳᠡᠭᠡᠨ 9  ᠲᠥᠭᠦᠷᠢᠭ ᠤᠨ ᠦᠨ᠎ᠡ ᠪᠠᠷ  ᠺᠣᠮᠫᠠᠨᠢ ᠲᠠᠢ ᠭᠡᠷ᠎ᠡ ᠲᠣᠭᠲᠠᠪᠠ᠃ ᠡᠨᠡ ᠡᠪᠦᠯ᠂ ᠬᠡᠭᠡᠯ ᠲᠠᠢ ᠭᠡᠭᠦᠦ ᠶᠢᠨ ᠰᠢᠭᠡᠰᠦᠨ ᠤ ᠰᠠᠭᠤᠷᠢᠨ ᠭᠠᠵᠠᠷ 200 ᠭᠠᠷᠤᠶ ᠲᠦᠮᠡᠨ  ᠲᠥᠭᠦᠷᠢᠭ   ᠤᠨ ᠠᠵᠤ ᠠᠬᠤᠶ ᠶᠢᠨ ᠦᠷ᠎ᠡ ᠠᠰᠢᠭ ᠣᠯᠤᠨ᠎ᠠ᠃              ᠣᠶᠢᠯᠠᠭᠠᠭᠰᠠᠨ ᠢᠶᠠᠷ᠂ ᠬᠡᠭᠡᠯ ᠲᠠᠢ ᠭᠡᠭᠦᠦ ᠵᠢᠯ ᠪᠦᠷᠢ ᠶᠢᠨ 10 ᠰᠠᠷ᠎ᠠ ᠠᠴᠠ ᠢᠷᠡᠬᠦ ᠵᠢᠯ ᠤᠨ 3 ᠰᠠᠷ᠎ᠠ ᠪᠣᠯᠲᠠᠯ᠎ᠠ ᠬᠠᠰᠢᠶᠠᠯᠠᠵᠤ ᠲᠡᠵᠢᠭᠡᠨ᠎ᠡ᠂ ᠡᠨᠡ ᠪᠣᠯ ᠬᠡᠭᠡᠯ ᠲᠠᠢ ᠭᠡᠭᠦᠦ ᠶᠢᠨ ᠰᠢᠭᠡᠰᠦ ᠬᠤᠷᠢᠶᠠᠬᠤ ᠬᠤᠭᠤᠴᠠᠭ᠎ᠠ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1