﹇ᠬᠤᠶᠠᠷ ᠬᠤᠷᠠᠯ﹈ ᠲᠣᠭᠲᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2022/1/5
      1 ᠳ᠋ᠤᠭᠡᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯᠳᠤᠭᠠᠨ  ᠶᠦᠨ ᠵᠦᠩ ᠰᠣᠶᠣᠯ ᠤᠨ ᠣᠷᠳᠣᠨ ᠳᠤ ᠦᠪᠡᠳᠡᠭᠰᠢ ᠶᠡᠭᠡ ᠪᠠᠷ ᠬᠤᠷᠠᠯᠳᠤᠪᠠ
     ᠪᠦᠭᠦᠳᠡᠭᠡᠷ ᠢᠶᠠᠨ ᠪᠣᠰᠴᠤ ᠵᠣᠭᠰᠣᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ  ᠬᠦᠭᠵᠢᠮᠳᠡᠪᠡ
     ᠥᠨᠥᠳᠦᠷ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 155 ᠬᠥᠮᠦᠨ᠂ ᠤᠴᠢᠷ ᠶᠠᠪᠤᠳᠠᠯ᠂ ᠡᠪᠡᠳᠴᠢᠨ ᠠᠴᠠ ᠪᠣᠯᠵᠤ 4 ᠬᠥᠮᠦᠨ ᠴᠢᠯᠥᠭᠡ ᠭᠤᠶᠤᠵᠠᠶ᠂ ᠪᠣᠳᠠᠲᠠᠶ ᠣᠷᠣᠯᠴᠠᠭᠰᠠᠨ ᠨᠢ 151 ᠬᠥᠮᠦᠨ ᠪᠣᠯᠤᠨ᠎ᠠ ᠂ ᠡᠨᠡ ᠨᠢ ᠤᠯᠤᠰ ᠲᠥᠷᠥ ᠶᠢᠨ ᠵᠥᠪᠯᠡᠯᠭᠡᠨ ᠤ ᠳᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃ ᠥᠨᠥᠳᠦᠷ ᠤᠨ ᠶᠡᠭᠡ ᠬᠤᠷᠠᠯ ᠳᠤ ᠶᠦᠨ ᠷᠦᠢ ᠵᠢᠶᠦ᠋ᠨ᠂ ᠤᠶᠤᠨᠴᠡᠴᠡᠭ᠂ ᠯᠢ ᡁᠢ ᠫᠢᠩ᠂ ᠱᠢ ᠵᠢᠶᠠᠨ ᠵᠦᠩ᠂ ᠦ᠋ ᠵᠢᠶᠧ ᠵᠡᠷᠭᠡ ᠭᠦᠢᠴᠡᠳᠬᠡᠭᠴᠢ ᠲᠡᠷᠢᠭᠦᠯᠡᠭᠴᠢ ᠨᠠᠷ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠪᠤᠯᠵᠠᠢ᠃ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠬᠤᠶᠠᠳᠤᠭᠠᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠤᠸᠠᠩ ᠸᠧᠶ ᠫᠢᠩ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠴᠢ ᠵᠧᠨ ᠸᠧᠶ᠂ ᠯᠢᠦ ᠴᠢ ᠢᠦᠶ ᠤᠷᠢᠯᠭ᠎ᠠ ᠪᠠᠷ ᠥᠨᠥᠳᠦᠷ ᠤᠨ ᠬᠤᠷᠠᠯ ᠳᠤ ᠣᠷᠣᠯᠴᠠᠪᠠ᠃ ᠥᠨᠥᠳᠦᠷ ᠤᠨ ᠶᠡᠭᠡ ᠬᠤᠷᠠᠯ ᠳᠤ ᠣᠷᠣᠯᠴᠠᠭᠰᠠᠨ ᠮᠠᠨ ᠤ ᠰᠢᠶᠠᠨ ᠤ ᠤᠳᠤᠷᠢᠳᠤᠯᠭ᠎ᠠ ᠳᠤ᠄ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠰᠢᠶᠦ᠋ᠨ᠂ ᠶᠡᠭᠡ ᠬᠤᠷᠠᠯ ᠳᠤ ᠣᠷᠣᠯᠴᠠᠭᠰᠠᠨ ᠮᠠᠨ ᠤ ᠰᠢᠶᠠᠨ ᠤ  ᠪᠤᠰᠤᠳ ᠤᠳᠤᠷᠢᠳᠤᠯᠭ᠎ᠠ ᠳᠤ ᠪᠠᠰᠠ ᠯᠢᠦ ᡁᠢ ᠴᠢᠶᠠᠩ᠂ ᠸᠠᠩ ᠮᠢᠩ᠂ ᠲᠦᠮᠡᠨ᠂ ᠰᠦᠨ ᠬᠠᠶ ᠱᠧᠩ᠂ ᠭᠤᠤ ᠬᠠᠨ᠂ ᠡᠤ ᠹᠦ᠋ ᠵᠥᠩ᠂ ᠵᠢᠶ ᠶᠠ ᠨᠠᠨ᠂ ᠯᠢᠦ ᠹᠸᠢ᠂ ᠵᠠᠶ ᠱᠤ᠋ ᠵᠢᠶᠧ᠂ ᠸᠧᠨ ᠵᠢᠶᠠᠩ ᠬᠠᠶ᠂ ᠹᠠᠨ ᠷᠦᠢ ᠫᠢᠩ᠂ ᠯᠢ ᠸᠧᠨ ᠰᠢᠤ᠂ ᠶᠠᠩ ᠶᠢᠨ᠂ ᠵᠠᠩ ᠵᠧᠨ ᠬᠠᠶ᠂ ᠰᠢᠶᠧ ᠴᠦᠨ ᠯᠦᠩ᠂ ᠾᠧᠦ ᠰᠢᠶᠠᠩ ᠯᠦᠩ ᠪᠠᠶᠢᠨ᠎ᠠ᠃  ᠲᠤᠭᠳᠠᠬᠤ ᠴᠢᠩ ᠱᠦᠢ ᠾᠧ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠤ᠋ ᠬᠤᠩ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠳᠠᠷᠤᠭ᠎ᠠ ᠯᠢᠦ ᠮᠢᠨ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠪᠠᠶᠢᠴᠠᠭᠠᠭᠴᠢ ᠳᠠᠷᠤᠭ᠎ᠠ ᠴᠢᠶᠣᠤ ᠸᠠᠨ ᠯᠢᠩ ᠤᠷᠢᠯᠭ᠎ᠠ ᠪᠠᠷ ᠥᠨᠥᠳᠦᠷ ᠤᠨ ᠬᠤᠷᠠᠯ ᠳᠤ ᠣᠷᠣᠯᠴᠠᠪᠠ᠃ ᠰᠢᠶᠠᠨ ᠤ ᠡᠯ᠎ᠡ ᠬᠡᠯᠳᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ ᠠᠷᠠᠳ ᠤᠨ ᠪᠦᠯᠬᠦᠮ᠂ ᠲᠤᠭᠳᠠᠬᠤ ᠰᠢᠶᠠᠨ ᠳᠤ ᠰᠠᠭᠤᠭ᠎ᠠ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠱᠤᠸᠠᠩ ᠾᠧ ᠪᠠᠯᠭᠠᠰᠤᠨ ᠤ ᠬᠡᠰᠡᠭ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂ ᠮᠠᠨ ᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠠᠩᠬᠠᠷᠤᠨ ᠳᠡᠮᠵᠢᠭᠰᠡᠨ ᠬᠡᠰᠡᠭ ᠨᠥᠬᠦᠳ ᠤᠷᠢᠯᠭ᠎ᠠ ᠪᠠᠷ ᠥᠨᠥᠳᠦᠷ ᠤᠨ ᠬᠤᠷᠠᠯ ᠳᠤ ᠣᠷᠣᠯᠴᠠᠪᠠ᠃
     ᠲᠤᠰ ᠤᠳᠠᠭ᠎ᠠ ᠶᠢᠨ ᠶᠡᠭᠡ ᠬᠤᠷᠠᠯ ᠢ ᠱᠢ ᠵᠢᠶᠠᠨ ᠵᠦᠩ ᠡᠷᠬᠢᠯᠡᠵᠦ᠂ ᠦ᠋ ᠵᠢᠶᠧ ᠬᠤᠷᠠᠯ ᠡᠬᠢᠯᠡᠬᠦ ᠦᠭᠡ ᠬᠡᠯᠡᠪᠡ᠃
     ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠶᠠᠷᠢᠶ᠎ᠠ ᠲᠠᠯᠪᠢᠪᠠ᠃      ᠯᠢ ᠴᠦᠨ ᠶᠠᠨ ᠶᠠᠷᠢᠶ᠎ᠠ ᠲᠠᠯᠪᠢᠵᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠥᠩᠭᠡᠷᠡᠭᠰᠡᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃
     ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃
     ᠬᠤᠷᠠᠯ ᠳᠡᠭᠡᠷ᠎ᠡ᠂ ᠤᠶᠤᠨᠴᠡᠴᠡᠭ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1