﹇ᠬᠤᠶᠠᠷ ᠬᠤᠷᠠᠯ﹈ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/6
      1 ᠳ᠋ᠤᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠶᠦᠨ ᠵᠦᠩ ᠰᠣᠶᠣᠯ ᠤᠨ ᠣᠷᠳᠣᠨ ᠳᠤ ᠦᠪᠡᠳᠡᠭᠰᠢ ᠶᠡᠬᠡᠪᠡᠷ ᠬᠤᠷᠠᠯᠳᠤᠪᠠ᠃
   ᠥᠨᠥᠳᠦᠷ ᠤᠨ ᠶᠦᠨ ᠵᠦᠩ ᠰᠣᠶᠣᠯ ᠤᠨ ᠣᠷᠳᠣᠨ ᠤ ᠬᠤᠷᠠᠯ ᠤᠨ ᠲᠢᠩᠬᠢᠮ ᠳᠤ ᠤᠯᠤᠰ ᠤᠨ ᠰᠦᠯᠳᠡ ᠰᠦᠷ ᠵᠢᠪᠬᠤᠯᠠᠩᠲᠠᠶ᠂ ᠥᠩᠭᠡᠲᠦ ᠳ᠋ᠧᠩ ᠳᠤᠸᠠᠯᠠᠵᠤ᠂ ᠬᠤᠷᠠᠯ ᠤᠨ ᠲᠠᠯᠠᠪᠠᠶ ᠶᠢᠨ ᠠᠭᠤᠷ ᠠᠮᠢᠰᠬᠤᠯ ᠦᠪᠡᠳᠡᠭᠰᠢ ᠶᠡᠭᠡ ᠪᠥᠭᠡᠳ ᠬᠥᠷ ᠬᠥᠭᠵᠢᠶᠡᠨ ᠲᠠᠢ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠰᠢᠶᠦ᠋ᠨ ᠬᠤᠷᠠᠯ ᠢ ᠡᠷᠬᠢᠯᠡᠵᠦ᠂ ᠶᠡᠭᠡ ᠬᠤᠷᠠᠯ ᠵᠢᠩᠬᠢᠨᠢ ᠪᠠᠷ ᠡᠬᠢᠯᠡᠭᠰᠡᠨ ᠢ ᠵᠠᠷᠯᠠᠪᠠ᠃
     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠭᠤᠴᠠᠭ᠎ᠠ ᠰᠣᠯᠢᠬᠤ ᠶᠢ ᠵᠢᠯᠣᠭᠤᠳᠬᠤ ᠭᠤᠷᠪᠠᠳᠤᠭᠠᠷ ᠳᠤᠭᠤᠶᠢᠯᠠᠩ ᠤᠨ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠡᠴᠢᠨᠪᠢᠯᠢᠭ᠂ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠢᠷᠭᠡᠨ ᠤ ᠪᠠ ᠬᠠᠷᠢᠶᠠᠲᠤ ᠨᠠᠷ ᠤᠨ ᠵᠥᠪᠯᠡᠯ ᠤᠨ ᠡᠷᠬᠢᠯᠡᠭᠴᠢ ᠶᠦᠨ ᠷᠦᠢ ᠵᠢᠶᠦ᠋ᠨ᠂ ᠬᠤᠲᠠ ᠶᠢᠨ ᠬᠤᠭᠤᠴᠠᠭ᠎ᠠ ᠰᠣᠯᠢᠬᠤ ᠶᠢ ᠬᠢᠨᠠᠨ ᠵᠢᠯᠣᠭᠤᠳᠬᠤ ᠬᠤᠶᠠᠳᠤᠭᠠᠷ ᠳᠤᠭᠤᠶᠢᠯᠠᠩ ᠤᠨ ᠳᠠᠷᠤᠭ᠎ᠠ ᠬᠤᠸᠠᠩ ᠸᠧᠶ ᠫᠢᠩ᠂ ᠬᠢᠨᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠴᠢ ᠵᠧᠨ ᠸᠧᠶ᠂ ᠯᠢᠦ ᠴᠢ ᠢᠦᠶ ᠤᠷᠢᠯᠭ᠎ᠠ ᠪᠠᠷ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠬᠦᠨ ᠵᠢᠴᠢ ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠲᠣ 188 ᠲᠥᠯᠥᠭᠡᠯᠡᠭᠴᠢ ᠪᠣᠶ᠂ ᠲᠣᠰ ᠤᠳᠠᠭᠠᠨ ᠤ ᠪᠥᠬᠦᠳᠡ ᠬᠤᠷᠠᠯ ᠳᠤ 184 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠥᠨᠥᠳᠦᠷ ᠤᠨ ᠶᠡᠭᠡ ᠬᠤᠷᠠᠯ ᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠠ ᠰᠤᠯᠠ ᠣᠷᠣᠯᠴᠠᠭᠰᠠᠳ ᠰᠤᠯᠠ ᠣᠷᠣᠯᠴᠠᠪᠠ᠃ ᠥᠨᠥᠳᠦᠷ ᠤᠨ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠣᠯ ᠯᠢ ᠴᠦᠨ ᠶᠠᠨ᠂ ᠰᠦᠨ ᠰᠢᠶᠦ᠋ᠨ᠂ ᠵᠠᠶ ᠱᠤ᠋ ᠵᠢᠶᠧ᠂ ᠸᠧᠨ ᠵᠢᠶᠠᠩ ᠬᠠᠶ ᠪᠣᠯᠤᠨ᠎ᠠ᠃
     ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠭᠤᠤ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃
     ᠢᠯᠡᠳᠬᠡᠯ ᠢ ᠭᠤᠷᠪᠠᠨ ᠬᠡᠰᠡᠭ ᠢᠶᠠᠷ ᠬᠤᠪᠢᠶᠠᠪᠠ᠄      ᠨᠢᠭᠡ ᠳᠤ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ ᠵᠢᠴᠢ 2021 ᠣᠨ ᠤ ᠠᠵᠢᠯ ᠤᠨ ᠳ᠋ᠦᠩᠨᠡᠯᠲᠡ      ᠬᠤᠶᠠᠷ ᠲᠤ᠂ ᠬᠤᠶᠢᠰᠢᠳᠠ ᠶᠢᠨ ᠲᠠᠪᠤᠨ ᠵᠢᠯ ᠤᠨ ᠭᠤᠣᠯ ᠬᠠᠷᠠᠯᠲᠠ      ᠭᠤᠷᠪᠠ ᠳᠤ᠂ 2022 ᠣᠨ ᠤ ᠠᠵᠢᠯ ᠤᠨ ᠲᠤᠬᠢᠷᠠᠭᠤᠯᠤᠯᠳᠠ      ᠬᠤᠷᠠᠯ ᠠᠴᠠ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠲᠣᠭᠲᠠᠭᠠᠬᠤ ᠠᠷᠭ᠎ᠠ ᠶᠢ ᠪᠠᠲᠤᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1