﹇ᠬᠤᠶᠠᠷ ᠬᠤᠷᠠᠯ﹈ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠪᠤᠰᠤᠳ ᠢᠯᠡᠳᠬᠡᠯ ᠢ ᠲᠤᠭᠤᠶᠢᠯᠠᠩ ᠬᠤᠪᠢᠶᠠᠨ ᠶᠠᠷᠢᠯᠴᠠᠪᠠ
ᠨᠡᠶᠢᠲᠡᠯᠡᠭᠰᠡᠨ ᠴᠠᠭ᠄
2022/1/6
      ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ ᠬᠠᠮᠲᠤ ᠶᠢᠨ ᠲᠠᠨᠢᠯᠲᠠ ᠶᠢ ᠲᠥᠪᠯᠡᠷᠡᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦ ᠪᠠᠷ ᠬᠥᠭᠵᠢᠯᠲᠡ ᠶᠢ ᠠᠬᠢᠭᠤᠯᠦᠶ᠎ᠠ︕ 1 ᠳ᠋ᠤᠭᠡᠷ ᠰᠠᠷ᠎ᠠ ᠶᠢᠨ 5 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠥᠯᠥᠪᠯᠡᠭᠡ᠂ ᠡᠳ᠋ ᠤᠨ ᠵᠠᠰᠠᠭ ᠤᠨ ᠢᠯᠡᠳᠬᠡᠯ ᠤᠨ ᠲᠤᠬᠠᠶ ᠳᠤᠭᠤᠶᠢᠯᠠᠩ ᠬᠤᠪᠢᠶᠠᠨ ᠶᠠᠷᠢᠯᠴᠠᠪᠠ᠃
     ᠤᠯᠠᠨ ᠢᠶᠠᠷ ᠢᠶᠠᠨ᠂ ᠭᠤᠤ ᠵᠧᠩ ᠨᠥᠬᠦᠷ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠠᠭᠤᠯᠭ᠎ᠠ ᠪᠣᠳᠠᠲᠠᠢ᠂ ᠬᠠᠷᠠᠯᠲᠠ ᠥᠨᠳᠥᠷ᠂ ᠪᠠᠶᠢᠷᠢᠯᠠᠭᠤᠯᠤᠯᠲᠠ ᠨᠠᠷᠢᠨ ᠨᠢᠮᠪᠠᠢ ᠪᠠᠶᠢᠵᠤ᠂ ᠬᠠᠷᠢᠭᠤᠴᠠᠯᠭ᠎ᠠ ᠡᠭᠦᠷᠭᠡᠯᠡᠬᠦ ᠪᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠢᠯᠡᠷᠡᠭᠦᠯᠵᠡᠢ᠃ ᠥᠩᠭᠡᠷᠡᠭᠰᠡᠨ ᠲᠦᠷᠪᠡᠨ ᠵᠢᠯ ᠤᠨ ᠠᠵᠢᠯ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠪᠤᠰᠤᠳᠴᠢ ᠪᠠᠷ ᠳ᠋ᠦᠩᠨᠡᠭᠰᠡᠨ ᠮᠥᠷᠲᠡᠭᠡᠨ ᠪᠠᠰᠠ ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠲᠡᠮᠡᠴᠡᠬᠦ ᠬᠠᠷᠠᠯᠲᠠ ᠶᠢ ᠲᠣᠳᠣᠷᠬᠠᠶᠢᠯᠠᠭᠰᠠᠨ ᠤ ᠬᠠᠮᠲᠤ᠂ 2022 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠪᠣᠳᠠᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠤᠯᠤᠰ ᠲᠦᠷᠦ ᠶᠢᠨ ᠵᠣᠭᠰᠣᠴᠠ ᠪᠠᠷ ᠥᠨᠳᠥᠷ᠂ ᠬᠠᠨᠳᠤᠯᠭᠠᠲᠤ ᠴᠢᠨᠠᠷ᠂ ᠬᠡᠷᠡᠭᠵᠢᠭᠦᠯᠦᠯᠲᠡ ᠶᠢᠨ ᠴᠢᠨᠠᠷ ᠢᠶᠠᠷ ᠮᠠᠰᠢ ᠴᠢᠩᠭ᠎ᠠ ᠪᠠᠶᠢᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠮᠦᠰ ᠤᠨ ᠰᠡᠳᠬᠢᠯ ᠢ ᠬᠥᠭᠵᠢᠭᠡᠵᠦ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠮᠡᠳᠡᠭᠦᠯᠦᠯᠲᠡ ᠪᠤᠯᠤᠨ᠎ᠠ ᠭᠡᠵᠦ ᠰᠠᠨᠠᠯ ᠨᠢᠭᠡᠲᠡᠢ ᠦᠵᠡᠪᠡ᠃
     ᠭᠡᠰᠢᠭᠦᠳ ᠢᠯᠡᠷᠬᠡᠶᠢᠯᠡᠭᠰᠡᠨ ᠨᠢ᠂ ᠰᠢᠨ᠎ᠡ ᠠᠵᠠ ᠲᠣᠬᠢᠶᠠᠯ ᠤᠨ ᠡᠮᠦᠨ᠎ᠡ᠂ ᠰᠢᠨ᠎ᠡ ᠠᠶᠠᠨ ᠳᠤ ᠮᠣᠷᠳᠠᠵᠤ᠂ ᠴᠤᠭ ᠰᠦᠯᠳᠡ ᠪᠠᠨ ᠤᠯᠠᠮ ᠴᠢᠨᠠᠭᠰᠢᠳᠠ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠲᠠᠰᠤᠷᠠᠯᠲᠠ ᠦᠭᠡᠢ ᠬᠥᠭᠵᠢᠭᠡᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠶᠠᠯᠳᠤᠯ ᠤᠨ ᠴᠢᠭ᠂ ᠬᠦᠴᠦᠯᠡᠬᠦ‍ ᠴᠢᠭ ᠢᠶᠠᠨ ᠣᠨᠣᠪᠴᠢᠲᠠᠢ ᠣᠯᠵᠤ᠂ ᠲᠣᠭᠲᠠᠭᠰᠠᠨ ᠬᠠᠷᠠᠯᠲᠠ ᠪᠠᠷ ᠴᠢᠭᠯᠡᠯ ᠢ ᠵᠢᠭᠠᠨ ᠵᠢᠯᠣᠭᠤᠳᠴᠤ᠂ ᠬᠥᠭᠵᠢᠯᠲᠡ ᠶᠢᠨ ᠬᠠᠷᠠᠴᠠ ᠪᠠᠷ ᠪᠠᠶᠢᠷᠢᠰᠢᠭᠤᠯᠵᠤ᠂ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠠᠵᠢᠯᠯᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠤᠭᠳᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1