ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ ᠶᠢ ᠲᠤᠭᠤᠶᠢᠯᠠᠩ ᠬᠤᠪᠢᠶᠠᠨ ᠬᠢᠨᠠᠨ ᠶᠠᠷᠢᠯᠴᠠᠪᠠᠭᠤᠣ ᠵᠧᠩ᠂ ᠰᠦᠨ ᠰᠢᠶᠦ᠋ᠨ ᠲᠤᠰ ᠲᠤᠰ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠤᠷᠤᠯ᠊
ᠨᠡᠶᠢᠲᠡᠯᠡᠭᠰᠡᠨ ᠴᠠᠭ᠄
2022/1/6
      1 ᠳ᠋ᠤᠭᠡᠷ ᠰᠠᠷ᠎ᠠ ᠶᠢᠨ 5 ᠤ ᠡᠳᠦᠷ᠂ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ᠂ ᠲᠥᠯᠥᠪᠯᠡᠭᠡ᠂ ᠡᠳ᠋ ᠤᠨ ᠵᠠᠰᠠᠭ ᠤᠨ ᠮᠡᠳᠡᠭᠦᠯᠦᠯᠳᠡ ᠶᠢ ᠲᠤᠭᠤᠶᠢᠯᠠᠩ ᠬᠤᠪᠢᠶᠠᠨ ᠶᠠᠷᠢᠯᠴᠠᠪᠠ᠃
     ᠬᠤᠷᠠᠯ ᠳᠤ ᠣᠷᠣᠯᠴᠠᠭᠰᠠᠳ᠂ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠳᠡ ᠳᠤ ᠢᠷᠡᠭᠡᠳᠦᠶ ᠶᠢᠨ ᠲᠠᠪᠤᠨ ᠵᠢᠯ ᠪᠠ 2022 ᠣᠨ ᠤ ᠠᠵᠢᠯ ᠤᠨ ᠰᠡᠳᠬᠢᠮᠵᠢ ᠲᠣᠳᠣᠷᠬᠠᠶ᠂ ᠠᠭᠤᠯᠭ᠎ᠠ ᠭᠤᠤᠯᠳᠠᠯᠭ᠎ᠠ ᠲᠣᠪᠤᠶᠢᠮ᠎ᠠ᠂ ᠬᠠᠷᠠᠯᠲᠠ ᠦᠨᠡᠨ ᠬᠦ ᠶᠠᠪᠤᠭᠤᠷᠢᠲᠠᠶ᠂ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠪᠣᠳᠠᠲᠠᠶ ᠪᠥᠭᠡᠳ ᠬᠦᠴᠦᠲᠡᠶ ᠪᠠᠶᠢᠨ᠎ᠠ᠃ ᠢᠯᠡᠳᠬᠡᠯ ᠳᠤ ᠥᠭᠡᠷᠡᠴᠢᠯᠡᠯᠲᠡ ᠨᠡᠭᠡᠭᠡᠯᠳᠡ᠂ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ᠂ ᠭᠤᠣᠯᠳᠠᠯᠭ᠎ᠠ ᠲᠠᠢ ᠠᠵᠢᠯ ᠪᠠ ᠵᠠᠩᠭᠢᠯᠠᠭ᠎ᠠ ᠶᠢᠨ ᠭᠤᠭᠴᠤᠭ᠎ᠠ ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠴᠥᠮ ᠰᠢᠨ᠎ᠡ ᠱᠠᠭᠠᠷᠳᠠᠯᠭ᠎ᠠ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠰᠢᠪᠲᠤᠯᠤᠯᠲᠠ ᠲᠠᠢ ᠪᠠᠶᠢᠵᠤ᠂ ᠮᠠᠰᠢ ᠴᠢᠩᠭ᠎ᠠ ᠪᠠᠷᠠᠭᠠᠯᠬᠢᠯᠠᠯᠳᠤ ᠴᠢᠨᠠᠷ᠂ ᠪᠦᠲᠦᠭᠡᠯᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠭᠡᠵᠦ ᠰᠠᠨᠠᠯ ᠨᠢᠭᠡᠲᠡᠶ ᠦᠵᠡᠪᠡ᠃
     ᠭᠤᠤ ᠵᠧᠩ ᠤᠷᠢᠳ ᠬᠤᠵᠢᠳ ᠵᠢᠷᠭᠤᠭᠠᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠪᠠ᠃ ᠬᠢᠨᠠᠨ ᠶᠠᠷᠢᠯᠴᠠᠬᠤ ᠶᠠᠪᠤᠴᠠ ᠳᠤ᠂ ᠲᠥᠯᠥᠭᠡᠯᠡᠭᠴᠢᠳ ᠠᠵᠤ ᠦᠢᠯᠡᠰ ᠤᠨ ᠬᠥᠭᠵᠢᠯᠲᠡ᠂ ᠴᠢᠳᠠᠪᠤᠷᠢᠲᠠᠨ ᠡᠯᠰᠡᠬᠦ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠳᠤᠷᠠᠳᠤᠭᠰᠠᠨ ᠰᠠᠨᠠᠯ ᠰᠠᠨᠠᠭᠤᠯᠭ᠎ᠠ ᠨᠢ ᠪᠣᠳᠠᠲᠠᠢ ᠳᠤ ᠰᠠᠭᠤᠷᠢᠯᠠᠵᠤ᠂ ᠠᠷᠠᠳ ᠤᠨ ᠰᠠᠨᠠᠭ᠎ᠠ ᠶᠢ ᠲᠤᠰᠬᠠᠵᠤ᠂ ᠤᠯᠠᠨ ᠲᠦᠮᠡᠨ ᠲᠠᠢ ᠤᠢᠢᠷᠠᠳᠤᠭᠰᠠᠨ ᠪᠥᠭᠡᠳ ᠠᠷᠠᠳ ᠤᠨ ᠪᠠᠶᠢᠳᠠᠯ ᠳᠤ ᠴᠤ ᠤᠢᠢᠷᠠᠳᠤᠭᠰᠠᠨ ᠪᠠᠶᠢᠨ᠎ᠠ᠃ ᠭᠤᠤ ᠵᠧᠩ ᠴᠥᠮ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠬᠠᠢ ᠶᠢᠨ ᠲᠠᠯᠠᠪᠠᠢ ᠳᠤ ᠬᠠᠷᠢᠭᠤ ᠲᠤᠰᠬᠠᠯ ᠥᠭᠴᠡᠢ᠃
     ᠭᠤᠣ ᠵᠧᠩ ᠵᠢᠭᠠᠵᠤ ᠭᠠᠷᠭᠠᠭᠰᠠᠨ ᠨᠢ᠂ ᠲᠦᠷᠪᠡᠨ ᠵᠢᠯ ᠤᠨ ᠲᠤᠷᠰᠢ᠂ ᠪᠦᠬᠦ ᠰᠢᠶᠠᠨ ᠤ ᠰᠠᠭᠤᠷᠢ ᠲᠥᠬᠦᠭᠡᠷᠦᠮᠵᠢ᠂ ᠬᠥᠳᠡᠭᠡ ᠲᠣᠰᠬᠤᠨ ᠤ ᠳᠦᠷᠰᠦ ᠪᠠᠶᠢᠳᠠᠯ᠂ ᠬᠤᠳᠠ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠱᠠᠳᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠵᠠᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠯᠤᠭᠰᠠᠨ ᠠᠮᠵᠢᠯᠲᠠ ᠨᠢᠭᠡᠪᠦᠷᠢ ᠨᠢ ᠴᠥᠮ ᠪᠦᠬᠦ ᠰᠢᠶᠠᠨ ᠤ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠪᠤᠢ ᠪᠦᠬᠦᠢ ᠠᠮᠵᠢᠯᠲᠠ ᠪᠦᠲᠦᠮᠵᠢ ᠨᠢ ᠴᠥᠮ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠢᠯᠠᠩᠭᠤᠶ᠎ᠠ ᠦᠨᠳᠦᠰᠦᠨ ᠱᠠᠲᠤᠨ ᠤ ᠺᠠᠳ᠋ᠷᠴᠤᠳ ᠤᠨ ᠬᠠᠷᠠᠮ ᠦᠭᠡᠢ ᠵᠢᠳᠬᠦᠭᠰᠡᠨ ᠤ ᠦᠷ᠎ᠡ ᠳ᠋ᠦᠩ ᠮᠥᠨ ᠭᠡᠵᠡᠢ᠃
     ᠭᠤᠤ ᠵᠧᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠠᠷᠢᠮᠵᠢᠶ᠎ᠠ ᠶᠢ ᠬᠠᠷᠭᠤᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠥᠭᠵᠢᠯᠲᠡ ᠶᠢ ᠲᠦᠷᠭᠡᠳᠬᠡᠵᠦ᠂ ᠲᠠᠪᠠᠯᠳᠠᠳᠦ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠭᠡᠬᠦ ᠡᠨᠡᠬᠦ ᠦᠨᠳᠦᠰᠦᠨ ᠵᠦᠢᠯ ᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠭᠤᠣᠯᠳᠠᠯᠭ᠎ᠠ ᠶᠢ ᠴᠢᠩᠭ᠎ᠠ ᠠᠳᠬᠤᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠵᠦ᠂ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠦᠨᠡᠨᠬᠦ ᠪᠣᠳᠠᠲᠠᠢ ᠠᠳᠬᠤᠬᠤ ᠬᠡᠷᠡᠭᠲᠡᠢ︔ ᠨᠡᠶᠢᠭᠡᠮ ᠢ ᠲᠣᠭᠲᠠᠭᠤᠨ ᠪᠠᠶᠢᠯᠭᠠᠬᠤ ᠡᠨᠡ ᠬᠦ ᠰᠠᠭᠤᠷᠢ ᠶᠢ ᠴᠢᠩᠭ᠎ᠠ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠶ ᠦᠢᠯᠡᠳᠪᠦᠷᠢᠯᠡᠯ ᠪᠠ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠠᠵᠢᠯ ᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
     ᠭᠤᠣ ᠵᠧᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠮᠥᠨ᠂ ᠪᠦᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠢᠶᠠᠷ ᠠᠬᠢᠭᠤᠯᠬᠤ᠂ ᠤᠷᠤᠭᠰᠢᠯᠠᠬᠤ ᠪᠠᠷ ᠲᠣᠭᠲᠠᠭᠤᠨ ᠢ ᠪᠠᠲᠤᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠴᠡ᠂ ᠠᠵᠤ ᠦᠢᠯᠡᠰ ᠤᠨ ᠲᠡᠰ ᠳᠠᠪᠬᠤᠷᠭ᠎ᠠ ᠶᠢ ᠴᠢᠨᠠᠭᠰᠢᠳᠠ ᠲᠤᠬᠢᠷᠠᠭᠤᠯᠤᠨ ᠰᠢᠯᠢᠳᠡᠭᠵᠢᠭᠦᠯᠵᠦ ᠂ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠵᠦ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃      ᠰᠦᠨ ᠰᠢᠶᠦ᠋ᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠲᠥᠯᠥᠭᠡᠯᠡᠭᠴᠢᠳ ᠵᠥᠪ ᠤᠯᠤᠰ ᠲᠦᠷᠦ ᠶᠢᠨ ᠴᠢᠭᠯᠡᠯ ᠢ ᠡᠵᠡᠮᠳᠡᠵᠦ᠂ ᠨᠠᠮ ᠤᠨ ᠵᠣᠷᠢᠯᠲᠠ ᠶᠢ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ︔ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠬᠥᠭᠵᠢᠯᠲᠡ ᠶᠢ ᠠᠬᠢᠭᠤᠯᠬᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ︔ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠲᠥᠯᠥᠭᠡᠯᠡᠭᠴᠢᠳ ᠤᠨ ᠤᠶᠤᠨ ᠤᠬᠠᠭᠠᠨ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠷᠬᠢᠮ ᠨᠠᠨᠳᠢᠨ ᠥᠪ ᠬᠦᠷᠦᠩᠬᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠶᠡᠭᠡ ᠲᠠᠯ᠎ᠠ ᠳᠤ ᠦᠢᠯᠡᠴᠢᠯᠡᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃
     ᠰᠦᠨ ᠰᠢᠶᠦ᠋ᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡᠪᠦᠷᠢ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠤᠩᠭᠤᠭᠰᠠᠨ ᠶᠤᠮ᠂ ᠪᠢ ᠲᠥᠯᠥᠭᠡᠯᠡᠭᠴᠢ ᠪᠤᠯᠤᠭᠰᠠᠨ ᠨᠢ ᠠᠷᠠᠳ ᠲᠦᠮᠡᠨ ᠤ ᠲᠦᠯᠦᠭᠡ︾ ᠭᠡᠬᠦ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠬᠤ ᠵᠡᠷᠭᠡ ᠲᠣᠭᠤᠷᠢᠨ ᠳᠤ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠯᠪᠠᠰᠤᠷᠠᠯ ᠢ ᠴᠢᠩᠭᠠᠳᠬᠠᠵᠤ᠂ ᠲᠥᠯᠥᠭᠡᠯᠡᠭᠴᠢᠳ ᠤᠨ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠲᠥᠯᠥᠭᠡᠯᠡᠭᠴᠢᠳ ᠲᠠᠢ ᠬᠠᠷᠢᠯᠴᠠᠬᠤ ᠲᠦᠷᠢᠮ ᠢ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ ᠲᠤᠰᠢᠶᠠᠯ ᠤᠨ ᠮᠡᠳᠡᠭᠦᠯᠦᠯᠲᠡ ᠬᠢᠬᠦ ᠠᠵᠢᠯᠯᠠᠭ᠎ᠠ ᠶᠢ ᠴᠢᠨᠠᠭᠰᠢᠳᠠ ᠥᠷᠨᠢᠭᠦᠯᠵᠦ᠂ ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠨᠡᠩ ᠰᠠᠶᠢᠲᠤᠷ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠳᠡᠢ ᠭᠡᠵᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1