ᠲᠤᠭᠳᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2022/11/21
     11 ᠳ᠋ᠤᠭᠡᠷ ᠰᠠᠷ᠎ᠠ ᠶᠢᠨ 17 ᠤ ᠡᠳᠦᠷ᠂ ᠲᠣᠭᠲᠠᠬᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠰᠦᠯᠵᠢᠶᠡᠨ ᠳᠡᠭᠡᠷᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠠᠶᠢᠭᠤᠯᠤᠯᠭ᠎ᠠ ᠶᠢᠨ ᠺᠠᠳ᠋ᠷ᠂ ᠡᠯ᠎ᠡ ᠪᠠᠯᠭᠠᠰᠤ᠂ ᠬᠠᠲᠤᠨ ᠭᠤᠣᠯ ᠤᠨ ᠴᠢᠭᠢᠭᠯᠢᠭ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠨᠡᠶᠢᠲᠡ 24 ᠬᠥᠮᠥᠨ ᠬᠤᠷᠠᠯ ᠳᠤ ᠣᠷᠣᠯᠴᠠᠵᠠᠢ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠬᠤᠷᠠᠯ ᠪᠤᠯ ᠪᠦᠬᠦ ᠤᠯᠤᠰ ᠤᠨ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ‌‍ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠭᠵᠢᠯᠲᠡ ᠶᠢᠨ ᠲᠡᠦᠬᠡᠨ ᠳᠤ ᠴᠦ ᠭᠡᠰᠡᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠴᠦ ᠭᠡᠰᠡᠨ᠂ ᠴᠢᠨᠠᠭᠰᠢᠯᠠᠪᠠᠯ ᠳᠡᠯᠡᠬᠡᠢ ᠶᠢᠨ ᠪᠣᠯᠪᠠᠰᠤᠨ ᠤ ᠬᠥᠭᠵᠢᠯᠲᠡ ᠶᠢᠨ ᠲᠡᠦᠬᠡᠨ ᠳᠤ ᠴᠦ ᠭᠡᠰᠡᠨ ᠴᠥᠮ ᠥᠩᠭᠡ ᠢᠯᠭᠠᠷᠠᠮ᠎ᠠ ᠬᠠᠭᠤᠳᠠᠰᠤ ᠶᠢ ᠦᠯᠡᠳᠡᠭᠡᠵᠦ᠂ ᠬᠥᠰᠢᠶ᠎ᠡ ᠳᠤᠷᠠᠰᠬᠠᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠮᠡᠭᠲᠡᠶᠢᠴᠦᠳ ᠤᠨ ᠬᠤᠯᠪᠣᠭ᠎ᠠ ᠶᠢᠨ ᠪᠦᠬᠦ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠡᠯ᠎ᠡ ᠵᠦᠢᠯ ᠤᠨ ᠠᠵᠢᠯ ᠳᠤ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠪᠠ ᠬᠡᠦᠬᠡᠳ ᠲᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠦᠢᠯᠡᠴᠢᠯᠡᠵᠦ᠂ ᠰᠢᠨ᠎ᠡ ᠠᠶᠠᠨ ᠵᠠᠮ ᠳᠠᠭᠠᠨ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠡᠩ ᠶᠡᠭᠡ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠷᠬᠡ ᠪᠠᠨ ᠬᠠᠮᠠᠭᠠᠯᠠᠬᠤ ᠦᠢᠯᠡᠴᠢᠯᠡᠭᠡ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠤᠬᠠᠭᠤᠯᠭ᠎ᠠ ᠶᠢᠨ ᠠᠵᠢᠯ ᠵᠡᠷᠭᠡ ᠳᠤ ᠲᠣᠬᠢᠷᠠᠭᠤᠯᠤᠯᠲᠠ ᠬᠢᠵᠦ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠵᠣᠬᠢᠶᠠᠨ ᠪᠠᠶᠢᠭᠤᠯᠤᠯᠲᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠ ᠴᠣᠯᠭᠤᠷᠠᠨ ᠭᠠᠷᠤᠭᠰᠠᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠭᠦᠨᠵᠡᠭᠡᠢ ᠠᠭᠤᠳᠠᠯᠤᠨ ᠤᠬᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠡᠮᠡᠭᠲᠡᠶᠢᠴᠦᠳ ᠤᠨ ᠢᠳᠡᠪᠬᠢ ᠬᠦᠴᠦᠨ   ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ ᠡᠭᠦᠨ ᠤ ᠬᠠᠮᠲᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ᠂ ᠥᠨᠥᠴᠢᠨ ᠪᠡᠯᠪᠡᠰᠦᠨ ᠨᠠᠰᠤᠲᠠᠨ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠢᠯᠬ᠎ᠠ ᠬᠡᠦᠬᠡᠳ ᠵᠡᠷᠭᠡ ᠣᠨᠴᠠᠭᠠᠶ ᠬᠥᠮᠥᠰ ᠢ ᠬᠠᠯᠠᠮᠵᠢᠯᠠᠨ ᠬᠠᠶᠢᠷᠠᠯᠠᠵᠤ᠂ ᠪᠠᠶᠢᠳᠠᠯ ᠢ ᠣᠶᠢᠯᠠᠭᠠᠬᠤ ᠪᠠ ᠭᠠᠳᠠᠭᠤᠷᠴᠢᠯᠠᠬᠤ ᠠᠵᠢᠯ ᠢ ᠴᠢᠩᠭᠠᠳᠬᠠᠵᠤ᠂ ᠬᠠᠷᠠᠯᠲᠠ ᠲᠠᠢ ᠪᠠᠷ ᠰᠤᠮᠤ ᠬᠠᠷᠪᠤᠵᠤ᠂ ᠬᠠᠨᠳᠤᠯᠭᠠᠲᠤ ᠴᠢᠨᠠᠷᠲᠠᠢ ᠪᠠᠷ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠣᠷᠣᠯᠴᠠᠭᠰᠠᠳ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠶᠢᠨ ᠭᠠᠷᠳᠠᠬᠤ ᠴᠢᠭ ᠪᠠ ᠬᠦᠴᠦᠯᠡᠬᠦ‍ ᠴᠢᠭ ᠢ ᠣᠨᠣᠪᠴᠢᠲᠠᠢ ᠣᠯᠵᠤ᠂ ᠡᠮᠡᠭᠲᠡᠶᠢᠴᠦᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ︽ᠲᠥᠷᠬᠦᠮ︾ ᠤᠨ ᠬᠠᠶᠢᠷ᠎ᠠ ᠰᠡᠳᠬᠢᠯᠭᠡ ᠶᠢ ᠳᠠᠮᠵᠢᠭᠤᠯᠵᠤ᠂ ᠡᠮᠡᠭᠲᠡᠶᠢᠴᠦᠳ ᠬᠡᠦᠬᠡᠳ ᠲᠤ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠨ ᠥᠭᠴᠦ  ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1