ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ 2022 ᠣᠨ ᠤ ᠴᠠᠯᠢᠩ ᠢ ᠬᠠᠮᠲᠤ ᠪᠠᠷ ᠵᠥᠪᠳᠡᠯᠴᠡᠬᠦ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2022/11/22
     ᠬᠠᠮᠲᠤ ᠪᠠᠷ ᠵᠥᠪᠳᠡᠯᠴᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠪᠦᠬᠦ ᠰᠢᠶᠠᠨ ᠤ ᠡᠯ᠎ᠡ ᠠᠵᠤ ᠠᠬᠤᠶᠢᠯᠠᠯ ᠤᠨ ᠠᠵᠢᠯᠴᠢᠨ ᠤ ᠡᠪᠯᠡᠯ ᠤᠨ ᠺᠠᠳ᠋ᠷ ᠪᠠ ᠵᠥᠪᠳᠡᠯᠴᠡᠬᠦ ᠬᠤᠶᠠᠷ ᠲᠠᠯ᠎ᠠ ᠶᠢᠨ ᠲᠥᠯᠥᠭᠡᠯᠡᠭᠴᠢ ᠶᠢᠨ ᠵᠥᠪᠳᠡᠯᠴᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠠᠮᠲᠤ ᠪᠠᠷ ᠵᠥᠪᠳᠡᠯᠴᠡᠬᠦ ᠳᠦᠷᠢᠮ ᠤᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠳᠤᠮᠳᠠᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠶᠢᠨ ᠲᠦᠯᠦᠭᠡ᠂ 11 ᠳ᠋ᠤᠭᠡᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ 2022 ᠣᠨ ᠤ ᠴᠠᠯᠢᠩ ᠢ ᠬᠠᠮᠲᠤ ᠪᠠᠷ ᠵᠥᠪᠳᠡᠯᠴᠡᠨ ᠪᠣᠯᠪᠠᠰᠤᠷᠠᠭᠤᠯᠬᠤ ᠬᠤᠷᠠᠯ ᠢ ᠥᠷᠨᠢᠭᠦᠯᠵᠦ᠂ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ 80 ᠭᠠᠷᠤᠢ ᠬᠥᠮᠥᠨ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠵᠠᠢ᠃      ᠲᠤᠰ ᠤᠳᠠᠭᠠᠨ ᠤ ᠪᠣᠯᠪᠠᠰᠤᠷᠠᠯ ᠤᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤ ᠶᠢᠨ ᠵᠥᠪᠳᠡᠯᠴᠡᠭᠡᠨ ᠤ ᠵᠢᠭᠠᠨ ᠵᠢᠯᠣᠭᠤᠳᠤᠭᠴᠢ ᠵᠠᠩ ᠮᠢᠨ ᠢ ᠣᠨᠴᠠᠭᠠᠶᠢᠯᠠᠨ ᠤᠷᠢᠵᠤ᠂ ᠣᠯᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠵᠦ᠂ ᠬᠤᠷᠠᠯ ᠨᠢ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ ᠶᠠᠪᠤᠭᠳᠠᠵᠤ᠂ ᠵᠠᠩ ᠮᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠡᠷᠬᠢᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠ ᠬᠥᠳᠡᠯᠮᠦᠷᠢ ᠶᠢᠨ ᠮᠠᠷᠭᠤᠯᠳᠤᠭᠠᠨ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠶᠢᠨ ᠲᠣᠭᠤᠷᠢᠨ ᠳᠤ ᠲᠠᠶᠢᠯᠤᠮᠵᠢ ᠬᠢᠵᠦ᠂ ᠬᠠᠮᠲᠤ ᠪᠠᠷ ᠵᠥᠪᠳᠡᠯᠴᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠠᠵᠢᠯ ᠤᠨ ᠶᠠᠪᠤᠴᠠ᠂ ᠠᠵᠢᠯᠯᠠᠭᠠᠨ ᠤ ᠵᠢᠷᠤᠮᠵᠢᠯ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠬᠠᠮᠲᠤ ᠪᠠᠷ ᠵᠥᠪᠳᠡᠯᠴᠡᠬᠦ ᠠᠵᠢᠯ ᠤᠨ ᠴᠢᠬᠤᠯᠠ ᠴᠢᠨᠠᠷ᠂ ᠭᠤᠤᠯᠳᠠᠯᠭᠠᠳᠦ ᠴᠢᠨᠠᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠨᠢᠯᠴᠠᠭᠤᠯᠪᠠ᠃ ᠪᠠᠰᠠ ᠪᠣᠳᠠᠲᠠᠢ ᠲᠤᠷᠰᠢᠯᠭ᠎ᠠ ᠠᠷᠭ᠎ᠠ ᠬᠡᠮᠵᠢᠶ᠎ᠡ ᠪᠠ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠨᠠᠷᠢᠨ ᠨᠢᠮᠪᠠᠢ ᠵᠢᠭᠠᠨ ᠵᠢᠯᠤᠭᠤᠳᠴᠤ ᠰᠣᠯᠢᠯᠴᠠᠭᠰᠠᠨ ᠢᠶᠠᠷ ᠮᠠᠰᠢ ᠶᠡᠭᠡ ᠪᠣᠳᠠᠲᠤ ᠦᠷ᠎ᠡ ᠪᠦᠲᠦᠮᠵᠢ ᠲᠠᠢ ᠪᠠᠶᠢᠵᠤ᠂ ᠴᠠᠯᠢᠩ ᠢ ᠬᠠᠮᠲᠤ ᠪᠠᠷ ᠵᠥᠪᠳᠡᠯᠴᠡᠬᠦ ᠠᠵᠢᠯ ᠢ ᠰᠠᠶᠢᠲᠤᠷ ᠬᠢᠬᠦ ᠳᠤ ᠣᠨᠣᠯ ᠤᠨ ᠪᠠ ᠦᠢᠯᠡᠳᠦᠯᠭᠡ‌‍ᠶᠢᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠦᠨᠳᠦᠰᠦᠨ ᠲᠤᠰᠢᠶᠠᠯ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠠᠵᠤ ᠠᠬᠤᠶᠢᠯᠠᠯ ᠤᠨ ᠬᠠᠮᠲᠤ ᠪᠠᠷ ᠵᠥᠪᠳᠡᠯᠴᠡᠬᠦ ᠶᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠴᠢᠷᠮᠠᠶᠢᠨ ᠪᠤᠢ ᠪᠣᠯᠭᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠢᠯᠲᠠᠨ ᠠᠵᠢᠯᠴᠢᠨ ᠤ ᠬᠥᠳᠡᠯᠮᠦᠷᠢ ᠶᠢᠨ ᠢᠳᠡᠪᠬᠢᠵᠢᠯ ᠢ ᠬᠥᠭᠵᠢᠭᠡᠵᠦ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠶᠢ  ᠠᠬᠢᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1