ᠨᠢᠭᠡ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ | ᠪᠠᠶᠢᠳᠠᠯ | 2011 ᠣᠨ ᠠᠴᠠ ᠨᠠᠭᠠᠰᠢ᠂ ᠮᠠᠨ ᠤ ᠣᠷᠣᠨ ︽ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠭᠠᠵᠠᠷ | ᠰᠢᠷᠣᠢ ᠶᠢ ᠬᠠᠮᠠᠭᠠᠯᠠᠬᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠮᠡᠷᠭᠡᠵᠢᠯ ᠳᠤ ᠲᠦᠰᠢᠭᠯᠡᠬᠦ︾ | ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠰ ᠤᠨ ᠰᠠᠭᠤᠷᠢ ᠶᠢ | ᠲᠠᠰᠤᠷᠠᠯᠲᠠ ᠦᠭᠡᠢ ᠪᠠᠬᠢᠵᠢᠭᠦᠯᠦᠨ᠂ 2021 ᠣᠨ ᠤ ᠡᠴᠦᠰ ᠪᠣᠯᠬᠤ ᠳᠤ ᠨᠢᠭᠡᠨᠲᠡ ᠨᠡᠶᠢᠲᠡ 4589 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ ᠳᠠᠭᠤᠰᠬᠠᠵᠤ᠂ ᠤᠯᠤᠰ ᠠᠴᠠ ᠪᠠᠭᠤᠯᠭᠠᠭᠰᠠᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠢᠴᠡᠳ ᠲᠤᠭ᠎ᠠ ᠪᠠᠷ ᠪᠡᠶᠡᠯᠡᠭᠦᠯᠵᠦ᠂ ᠪᠥᠬᠦ ᠣᠷᠣᠨ ᠤ ᠠᠮᠤ | ᠪᠤᠳᠠᠭᠠᠨ ᠤ ᠤᠨᠠᠯᠲᠠ ᠶᠢᠨ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠬᠦ ᠳᠤ | ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ 2019 ᠣᠨ ᠳᠤ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 50 ᠳ᠋ᠤᠭᠠᠷ | ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ | ᠲᠤᠭᠤᠰᠢᠯᠠᠭᠤᠯᠤᠨ ᠬᠡᠷᠡᠭᠵᠢᠭᠦᠯᠬᠦ ᠶᠢ ᠬᠢᠨᠠᠮᠠᠭᠠᠢ ᠪᠥᠭᠡᠳ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ | ᠂ ᠠᠯᠢ ᠣᠯᠠᠨ ᠪᠦᠲᠦᠮᠵᠢᠲᠡᠶ ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠯ᠎ᠡ ᠭᠤᠭᠴᠤᠭ᠎ᠠ ᠶᠢᠨ | ᠵᠠᠩᠭᠢᠯᠠᠭ᠎ᠠ ᠶᠢᠨ ᠨᠥᠯᠥᠭᠡ ᠪᠠᠷ ᠨᠡᠯᠢᠶᠡᠳ ᠶᠡᠭᠡ ᠬᠦᠴᠢᠷ ᠴᠡᠭ ᠪᠠ ᠲᠦᠭᠵᠢᠷᠡᠯ ᠴᠡᠭ ᠢ ᠲᠣᠳᠣᠷᠬᠠᠢ | ᠰᠦᠪᠡᠭᠴᠢᠯᠡᠵᠡᠢ᠃ ᠮᠠᠨ ᠤ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠤᠯᠠᠮ ᠨᠢᠭᠡ ᠠᠯᠬᠤᠮ ᠪᠠᠬᠢᠵᠢᠭᠦᠯᠬᠦ ᠪᠠ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠨ ᠨᠢᠭᠡᠨ ᠵᠤᠷᠪᠤᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠠᠷᠪᠠᠨ ᠨᠢᠭᠡᠨ ᠲᠠᠯ᠎ᠠ ᠠᠴᠠ 35 ᠵᠦᠢᠯᠤᠨ | ᠪᠣᠳᠠᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠂ ᠡᠨᠡ ᠨᠢ ᠭᠤᠣᠯᠳᠠᠭᠤ ︽5 ᠵᠦᠢᠯ ᠳᠤ | ᠰᠢᠨ᠎ᠡ ᠶᠢ ᠡᠭᠦᠳᠬᠦ᠂ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠂ 2 ᠲᠠᠯ᠎ᠠ ᠪᠠᠷ ᠰᠠᠭᠤᠷᠢ ᠶᠢ ᠪᠠᠲᠤᠯᠠᠬᠤ᠂ 1 | ᠵᠦᠢᠯ ᠢ ᠱᠠᠩᠨᠠᠨ ᠬᠥᠬᠢᠭᠦᠯᠬᠦ︾ ᠢᠶᠠᠷ ᠢᠯᠡᠷᠡᠵᠦ ᠪᠠᠶᠢᠨ᠎ᠠ᠃ 5 ᠵᠦᠢᠯ ᠳᠤ ᠰᠢᠨ᠎ᠡ ᠶᠢ ᠡᠭᠦᠳᠬᠦ᠃ | ᠨᠢᠭᠡ ᠳᠤ᠂ ᠲᠥᠷᠥᠯ ᠵᠦᠢᠯ ᠢ ᠠᠬᠢᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠦᠬᠦ᠋ᠢᠯᠡ | ᠲᠣᠰᠬᠤᠨ ᠪᠦᠬᠦ᠋ᠢᠯᠡ ᠳᠤᠭᠤᠶᠢᠯᠠᠩ ᠪᠦᠬᠦ᠋ᠢᠯᠡ ᠬᠡᠰᠡᠭ ᠲᠠᠷᠢᠶᠠᠨ ᠭᠠᠵᠠᠷ ᠢ ᠬᠠᠮᠲᠤ ᠪᠠᠷ ᠰᠢᠯᠵᠢᠭᠦᠯᠬᠦ ᠵᠢᠴᠢ | ᠪᠦᠬᠦ᠋ᠢᠯᠡ ᠪᠠᠶᠢᠭᠤᠯᠤᠮᠵᠢ ᠶᠢᠨ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠵᠣᠷᠢᠭᠵᠢᠭᠤᠯᠤᠨ᠂ | ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ | ᠰᠦᠪᠡᠭᠴᠢᠯᠡᠵᠦ᠂ ᠪᠦᠬᠦ᠋ᠢᠯᠡ ᠬᠤᠰᠢᠭᠤ ᠰᠢᠶᠠᠨ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ | ᠬᠤᠶᠠᠷ ᠲᠤ᠂ ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠰᠢᠭᠤ | ᠰᠢᠶᠠᠨ ᠤ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ | ᠨᠤᠲᠠᠯᠠᠵᠤ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠬᠦ ᠶᠢ | ᠠᠬᠢᠭᠤᠯᠵᠤ᠂ ᠬᠠᠮᠢᠶ᠎ᠠ ᠪᠦᠬᠦᠢ ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ︽ | ᠵᠣᠭᠤᠰ ᠨᠢ ᠲᠥᠷᠥᠯ ᠵᠦᠢᠯ ᠢ ᠬᠦᠯᠢᠶᠡᠬᠦ︾ ᠠᠴᠠ ᠵᠠᠶᠢᠯᠠᠰᠬᠢᠨ᠎ᠡ᠃ | ᠭᠤᠷᠪᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠲᠠᠩᠰᠠᠨ | ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠵᠣᠭᠤᠰ ᠥᠭᠴᠦ᠂ | ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠭᠰᠡᠨ ᠦᠯᠡᠳᠡᠪᠦᠷᠢ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠨ᠎ᠡ᠃ | ᠳᠥᠷᠪᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ | ᠡᠭᠦᠳᠴᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ | ᠴᠡᠭᠴᠡᠯᠡᠨ ᠵᠠᠰᠠᠬᠤ ᠵᠠᠭᠪᠤᠷ ᠢ ᠬᠡᠷᠡᠭᠵᠢᠭᠦᠯᠦᠨ᠂ ᠤᠤᠯ ᠤᠨ ᠪᠠᠶᠢᠷᠢᠰᠢᠯ ᠢ ᠡᠪᠳᠡᠵᠦ᠂ ᠨᠢᠭᠡᠳᠦᠯᠲᠡᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠳᠠᠬᠢᠨ ᠬᠤᠪᠢᠶᠠᠷᠢᠯᠠᠨ ᠡᠵᠡᠩᠨᠡᠵᠦ᠂ ᠲᠠᠷᠢᠶᠠᠨ ᠭᠠᠵᠠᠷ ᠤᠨ ᠲᠤᠭ᠎ᠠ | ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ | ᠲᠠᠪᠤ ᠳᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠲᠤ ᠰᠢᠨ᠎ᠡ ᠶᠢ | ᠡᠭᠦᠳᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠤᠨ ᠤᠯᠤᠰ ᠤᠨ ᠥᠮᠴᠢᠯᠡᠯ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ | ᠬᠠᠮᠲᠤ ᠶᠢᠨ ᠡᠵᠡᠩᠨᠡᠯᠲᠡ ᠳᠤ ᠣᠷᠣᠭᠤᠯᠤᠨ ᠬᠠᠮᠢᠶᠠᠷᠴᠤ᠂ ᠣᠯᠣᠭᠰᠠᠨ ᠠᠰᠢᠭ ᠣᠯᠵᠠᠪᠤᠷᠢ ᠶᠢ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠳᠤ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ | ᠳᠠᠭᠠᠳᠬᠠᠯ ᠤᠨ ᠲᠤᠷᠰᠢᠯᠲᠠ ᠶᠢᠨ ᠴᠡᠭ ᠢ ᠥᠷᠨᠢᠭᠦᠯᠦᠨ᠎ᠡ᠃ | 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠃ | ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠬᠠᠮᠢᠶᠠᠷᠤᠯᠲᠠ ᠶᠢᠨ ᠬᠦᠴᠦᠨ ᠢ ᠨᠡᠶᠢᠯᠡᠭᠦᠯᠦᠨ᠂ ᠬᠤᠰᠢᠭᠤ | ᠰᠢᠶᠠᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠰᠤᠮᠤ ᠰᠢᠶᠠᠩ | ᠪᠠᠯᠭᠠᠰᠤᠨ ᠤ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | | ᠬᠤᠶᠠᠷ ᠲᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠭᠲᠠᠴᠠ ᠶᠢ ᠲᠥᠪᠯᠡᠷᠡᠭᠦᠯᠵᠦ᠂ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ | ᠠᠵᠤ ᠠᠬᠤᠶᠢᠯᠠᠯ ᠤᠨ ᠢᠲᠡᠭᠡᠮᠵᠢ ᠳᠤ ᠦᠨᠡᠯᠡᠯᠲᠡ ᠬᠢᠬᠦ᠂ ᠲᠤᠰᠬᠠᠢ ᠪᠠᠶᠢᠭᠤᠯᠤᠮᠵᠢ ᠮᠡᠷᠭᠡᠵᠢᠯ ᠤᠨ ᠦᠢᠯᠡᠴᠢᠯᠡᠭᠡ | ᠬᠢᠬᠦ᠂ ᠮᠠᠯᠴᠢᠨ ᠲᠠᠷᠢᠶᠠᠴᠢᠨ ᠤ ᠬᠢᠨᠠᠯᠲᠠ ᠲᠠᠯᠪᠢᠭᠴᠢ ᠪᠥᠬᠦ ᠶᠠᠪᠤᠴᠠ ᠳᠤ ᠣᠷᠤᠯᠴᠠᠬᠤ᠂ ᠬᠠᠯᠠᠮᠰᠢᠯ ᠤᠲᠠᠰᠤ ᠪᠠ | ᠵᠠᠭᠤᠴᠢᠯᠠᠭᠤᠷ ᠬᠢᠨᠠᠯᠲᠠ ᠲᠠᠯᠪᠢᠬᠤ ᠵᠡᠷᠭᠡ ᠲᠠᠪᠤᠨ ᠶᠡᠭᠡ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ᠃ | ᠭᠤᠷᠪᠠ ᠳᠤ᠂ ᠲᠠᠷᠠᠬᠠᠢ ᠪᠤᠲᠠᠷᠬᠠᠢ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠢ ᠨᠡᠶᠢᠯᠡᠭᠦᠯᠵᠦ᠂ | ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠤᠨ ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ | ᠦᠭᠡᠢ ᠪᠠᠷ ᠲᠣᠭᠲᠠᠭᠠᠵᠤ᠂ ᠭᠡᠷ᠎ᠡ ᠶᠢ ᠵᠠᠷᠯᠠᠨ ᠨᠡᠶᠢᠲᠡᠯᠡᠵᠦ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠳᠤ ᠴᠣᠬᠢᠯᠲᠠ | ᠥᠭᠭᠦᠨ᠎ᠡ᠃ | 2 ᠵᠦᠢᠯ ᠢᠶᠠᠷ ᠰᠠᠭᠤᠷᠢ ᠶᠢ ᠪᠠᠲᠤᠯᠠᠬᠤ᠃ | ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠠᠴᠠ | ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠪ ᠤᠨ | ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠬᠤᠶᠠᠷ ᠠᠷᠭ᠎ᠠ ᠵᠠᠮ ᠢᠶᠠᠷ | ᠪᠡᠯᠡ ᠣᠷᠣᠭᠤᠯᠬᠤ ᠶᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ | ᠰᠢᠶᠠᠨ ᠠᠴᠠ ᠳᠠᠭᠢᠵᠤ ᠢᠵᠢ ᠪᠦᠷᠢᠳᠦᠭᠦᠯᠬᠦ ᠦᠭᠡᠢ᠂ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ | ᠨᠥᠬᠦᠪᠦᠷᠢᠯᠡᠬᠦ ᠪᠠᠷᠢᠮᠵᠢᠶ᠎ᠠ ᠶᠢ ᠪᠠᠷᠢᠮᠵᠢᠶᠠᠲᠤ ᠤᠰᠤᠯᠠᠯᠲᠠ ᠶᠢᠨ ᠲᠠᠷᠢᠶ᠎ᠠ ᠳᠤ 1700 ᠲᠥᠭᠦᠷᠢᠭ ᠠᠴᠠ ᠳᠣᠣᠷ᠎ᠠ | ᠪᠠᠶᠢᠯᠭᠠᠬᠤ ᠦᠭᠡᠢ᠂ ᠬᠠᠭᠤᠷᠠᠢ ᠲᠠᠷᠢᠶ᠎ᠠ ᠳᠤ 1200 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ | ᠬᠥᠳᠡᠯᠦᠩᠭᠦᠢ ᠪᠠᠷ ᠲᠣᠬᠢᠷᠠᠭᠤᠯᠬᠤ ᠶᠢ ᠬᠡᠷᠡᠭᠵᠢᠭᠦᠯᠦᠨ᠎ᠡ᠃ | ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠤᠰᠢᠭᠤ ᠰᠢᠶᠠᠨ ᠠᠴᠠ ᠰᠠᠭᠤᠷᠢ ᠶᠢ | ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠬᠤᠰᠢᠭᠤ | ᠰᠢᠶᠠᠨ ᠠᠴᠠ ᠥᠪᠡᠷ ᠢᠶᠠᠨ ᠪᠡᠯᠡ ᠭᠠᠷᠭᠠᠵᠤ ᠲᠣᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ | ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠬᠤ ᠶᠢ ᠪᠡᠶᠡᠯᠡᠭᠦᠯᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ | ᠬᠥᠮᠥᠷᠭᠡ ᠳᠤ ᠣᠷᠣᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ | ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠤᠴᠠᠭᠠᠨ ᠠᠪᠤᠨ᠎ᠠ᠃ | 1 ᠵᠦᠢᠯ ᠢ ᠱᠠᠩᠨᠠᠨ ᠬᠥᠬᠢᠭᠦᠯᠬᠦ᠃ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠵᠢᠯ ᠪᠦᠷᠢ 1000 ᠲᠦᠮᠡᠨ ᠲᠥᠭᠦᠷᠢᠭ | ᠲᠣᠬᠢᠷᠠᠭᠤᠯᠤᠨ ᠲᠣᠰ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ | ᠬᠤᠰᠢᠭᠤ ᠰᠢᠶᠠᠨ ᠳᠤ ᠱᠠᠩᠨᠠᠯ ᠣᠯᠭᠤᠵᠤ᠂ 1000 ᠲᠦᠮᠡᠨ ᠲᠥᠭᠦᠷᠢᠭ ᠲᠣᠬᠢᠷᠠᠭᠤᠯᠵᠤ ᠪᠠᠶᠢᠭᠤᠯᠵᠤ | ᠳᠠᠭᠤᠰᠬᠠᠭᠰᠠᠨ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ | ᠲᠣᠰᠬᠤᠨ ᠤ ᠬᠠᠮᠲᠤ ᠨᠡᠶᠢᠲᠡ ᠳᠤ ᠱᠠᠩᠨᠠᠯ ᠣᠯᠭᠤᠨ᠎ᠠ᠃ | ᠭᠤᠷᠪᠠ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠣᠪᠤᠶᠢᠮ᠎ᠠ ᠣᠨᠴᠠᠯᠢᠭ | ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠲᠠᠢ᠂ | ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ ᠨᠢᠭᠲᠠ | ᠤᠶᠠᠯᠳᠤᠭᠤᠯᠵᠤ᠂ ᠭᠤᠷᠪᠠᠨ ᠲᠠᠯ᠎ᠠ ᠶᠢᠨ ᠲᠣᠪᠤᠶᠢᠮ᠎ᠠ ᠣᠨᠴᠠᠯᠢᠭ ᠲᠠᠢ ᠶᠤᠮ᠃ | ᠨᠢᠭᠡ ᠳᠤ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠶᠢ ᠲᠤᠪᠤᠶᠢᠯᠭᠠᠵᠦ᠂ ᠶᠠᠰᠤ ᠴᠢᠨᠠᠷ ᠲᠤᠭ᠎ᠠ | ᠬᠡᠮᠵᠢᠶ᠎ᠡ ᠶᠢ ᠪᠠᠲᠤᠯᠠᠨ ᠲᠣᠭᠲᠠᠭᠰᠠᠨ ᠴᠠᠭ ᠲᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠶᠡᠷᠦᠩᠬᠡᠢ ᠬᠠᠷᠠᠯᠲᠠ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠡᠶᠢᠳᠡᠮ ᠤᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ | ᠠᠰᠠᠭᠤᠳᠠᠯ ᠳᠤ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ ᠲᠣᠭᠲᠠᠭᠠᠵᠠᠢ᠃ | ᠬᠤᠶᠠᠷ ᠲᠤ᠂ ᠲᠣᠪᠴᠢ ᠲᠣᠳᠣᠷᠬᠠᠢ ᠪᠠᠶᠢᠬᠤ ᠶᠢ ᠲᠣᠪᠤᠶᠢᠯᠭᠠᠨ᠂ ᠦᠭᠡ ᠥᠭᠦᠯᠡᠪᠦᠷᠢ ᠨᠢ ᠲᠣᠪᠴᠢ | ᠠᠪᠰᠠᠷᠬᠠᠨ᠂ ᠠᠭᠤᠯᠭ᠎ᠠ ᠨᠢ ᠪᠠᠶᠠᠯᠢᠭ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠬᠤ ᠶᠢ ᠴᠢᠬᠤᠯᠠᠴᠢᠯᠠᠵᠤ᠂ ︽ | ᠭᠤᠷᠪᠠ ᠶᠢ ᠬᠡᠯᠡᠬᠦ ᠦᠭᠡᠢ︾ ᠪᠠᠶᠢᠬᠤ ᠶᠢ ᠭᠤᠣᠯᠳᠠᠯᠭ᠎ᠠ ᠲᠠᠢ ᠡᠵᠡᠮᠰᠢᠪᠡ᠂ ᠲᠤᠬᠠᠶᠢᠯᠠᠪᠠᠯ ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ | ᠲᠣᠭᠠᠲᠤ︶ ᠳᠤ ᠨᠢᠭᠡᠨᠲᠡ ᠲᠣᠳᠣᠷᠬᠠᠶᠢᠯᠠᠭᠰᠠᠨ ᠢ ᠬᠡᠯᠡᠬᠦ ᠦᠭᠡᠢ︔ ᠡᠯ᠎ᠡ ᠭᠠᠵᠠᠷ ᠤᠨ ᠣᠳᠣᠬᠠᠨ ᠳᠤ ᠨᠢᠭᠡᠨᠲᠡ | ᠨᠡᠶᠢᠳᠡᠮ ᠪᠣᠳᠠᠲᠠᠶᠢᠵᠢᠭᠤᠯᠤᠭᠰᠠᠨ ᠪᠠᠶᠢᠳᠠᠯ ᠢ ᠬᠡᠯᠡᠬᠦ ᠦᠭᠡᠢ︔ ᠴᠢᠩᠭ᠎ᠠ ᠬᠢᠵᠠᠭᠠᠷᠯᠠᠯ ᠦᠭᠡᠢ ᠪᠣᠯ ᠬᠢᠨᠠᠨ ᠰᠢᠯᠭᠠᠵᠤ | ᠪᠣᠯᠬᠤ ᠦᠭᠡᠢ ᠶᠢ ᠬᠡᠯᠡᠬᠦ ᠦᠭᠡᠢ᠃ | ᠭᠤᠷᠪᠠ ᠳᠤ᠂ ᠥᠷᠭᠡᠨ ᠢᠶᠠᠷ ᠯᠠᠪᠯᠠᠯᠲᠠ ᠪᠣᠯᠭᠠᠬᠤ ᠶᠢ ᠲᠤᠪᠤᠶᠢᠯᠭᠠᠵᠦ᠂ ᠬᠠᠮᠢᠶ᠎ᠠ ᠪᠦᠬᠦᠢ ᠮᠤᠵᠢ ᠬᠤᠲᠠ | ᠮᠤᠵᠢ ᠶᠢᠨ ᠱᠠᠲᠤᠨ ᠠᠴᠠ ᠣᠷᠣᠨ ᠨᠤᠲᠤᠭ ᠤᠨ ᠢᠵᠢ ᠪᠦᠷᠢᠳᠦᠭᠦᠯᠬᠦ ᠬᠠᠷᠢᠭᠤᠴᠠᠯᠭ᠎ᠠ ᠶᠢ ᠪᠦᠬᠦ ᠲᠤᠭ᠎ᠠ ᠪᠠᠷ | ᠡᠭᠦᠷᠭᠡᠯᠡᠬᠦ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠠᠮᠢᠶ᠎ᠠ ᠪᠦᠬᠦᠢ ᠠᠶᠢᠮᠠᠭ ᠬᠤᠲᠠ ᠶᠢᠨ | ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ᠂ ᠤᠷᠢᠳ ᠢᠶᠠᠷ ᠰᠢᠯᠵᠢᠭᠦᠯᠦᠨ ᠳᠠᠷᠠᠭ᠎ᠠ ᠨᠢ ᠪᠦᠲᠦᠭᠡᠨ ᠪᠠᠶᠢᠭᠤᠯᠬᠤ | ᠵᠡᠷᠭᠡ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠢᠲᠡᠭᠡᠮᠵᠢ ᠶᠢᠨ ᠲᠡᠰᠤᠨ ᠦᠨᠡᠯᠡᠯᠲᠡ ᠬᠢᠬᠦ ᠵᠡᠷᠭᠡ | ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠪᠠ᠃ | |