ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ — — ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 40 ᠵᠢᠯ ᠤᠨ ᠣᠶ ᠶᠢ ᠳᠤᠷᠠᠰᠬᠠᠪᠠ  ᠰᠢ ᠶᠢᠨ ᠫᠢᠩ
ᠨᠡᠶᠢᠲᠡᠯᠡᠭᠰᠡᠨ ᠴᠠᠭ᠄
2022/12/22
ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ      — — ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 40 ᠵᠢᠯ ᠤᠨ ᠣᠶ ᠶᠢ ᠳᠤᠷᠠᠰᠬᠠᠪᠠ                                        ᠰᠢ ᠶᠢᠨ ᠫᠢᠩ            ᠡᠨᠡ ᠵᠢᠯ ᠪᠣᠯ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 40 ᠵᠢᠯ ᠤᠨ ᠤᠢ ᠪᠣᠯᠣᠨ᠎ᠠ᠃ 40 ᠵᠢᠯ ᠤᠨ ᠲᠤᠷᠰᠢ᠂ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠨᠢ ᠨᠡᠶᠢᠭᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠤᠨ ᠴᠢᠩᠭᠠᠳᠬᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠤᠨ ᠪᠠᠲᠤᠯᠠᠪᠠ᠃ ᠪᠢᠳᠡ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 40 ᠵᠢᠯ ᠤᠨ ᠤᠢ ᠶᠢ ᠳᠤᠷᠠᠰᠬᠠᠬᠤ ᠪᠠᠷ ᠠᠵᠠ ᠲᠣᠭᠢᠶᠠᠯ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠦᠨᠳᠦᠰᠦᠨ ᠬᠠᠤᠯᠢ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃      ᠦᠨᠳᠦᠰᠦᠨ ᠬᠠᠤᠯᠢ ᠶᠢ ᠲᠣᠭᠲᠠᠭᠠᠨ ᠬᠡᠷᠡᠭᠵᠢᠭᠦᠯᠬᠦ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠪᠡᠯᠭᠡ ᠲᠡᠮᠳᠡᠭ ᠮᠥᠨ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠴᠢᠬᠤᠯᠠ ᠲᠤᠯᠭᠠᠭᠤᠷᠢᠯᠠᠯ ᠮᠥᠨ᠃ ᠣᠶᠢᠷ᠎ᠠ ᠦᠶ᠎ᠡ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠶᠢ ᠬᠤᠪᠢᠷᠠᠭᠤᠯᠬᠤ ᠵᠠᠮ ᠢ ᠬᠠᠲᠠᠭᠤᠵᠢᠯᠲᠠᠢ ᠡᠷᠢᠯᠬᠢᠯᠡᠭᠰᠡᠨ ᠶᠤᠮ᠃ ᠵᠠᠷᠢᠮ ᠤᠯᠤᠰ ᠲᠦᠷᠦ ᠶᠢᠨ ᠬᠦᠴᠦᠨ ᠥᠷᠥᠨᠡᠳᠠᠬᠢᠨ ᠤ ᠤᠯᠤᠰ ᠲᠦᠷᠦ ᠶᠢᠨ ᠪᠠᠶᠢᠭᠤᠯᠤᠯ ᠤᠨ ᠬᠡᠪ ᠵᠠᠭᠪᠤᠷ ᠢᠶᠠᠷ ᠮᠠᠨ ᠤ ᠤᠯᠤᠰ ᠤᠨ ᠹᠧᠣᠳᠠᠯ ᠤᠨ ᠡᠵᠡᠷᠬᠡᠭ ᠪᠠᠶᠢᠭᠤᠯᠤᠯ ᠢ ᠥᠭᠡᠷᠡᠴᠢᠯᠡᠨ ᠰᠠᠶᠢᠵᠢᠷᠠᠭᠤᠯᠬᠤ ᠪᠠᠷ ᠤᠷᠤᠯᠳᠤᠭᠠᠳ ᠴᠥᠮ ᠢᠯᠠᠭᠳᠠᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠲᠡᠦᠬᠡ ᠶᠢᠨ ᠲᠠᠪᠴᠠᠩ ᠳᠤ ᠭᠠᠷᠤᠭᠰᠠᠨ ᠤ ᠲᠠᠷᠠᠭ᠎ᠠ᠂ ᠬᠠᠲᠠᠭᠤᠵᠢᠯᠲᠠᠢ ᠰᠦᠪᠡᠭᠴᠢᠯᠡᠯᠲᠡ ᠪᠠ ᠦᠢᠯᠡᠳᠦᠯᠭᠡ ᠪᠠᠷ ᠲᠠᠮᠵᠢᠨ᠂ ᠳᠤᠮᠳᠠᠳᠤ ᠶᠢᠨ ᠡᠬᠡ ᠭᠠᠵᠠᠷ ᠲᠤ ᠢᠯᠡ ᠲᠣᠳᠣ ᠨᠡᠶᠢᠭᠡᠮ ᠵᠢᠷᠤᠮ ᠤᠨ ᠰᠢᠨᠵᠢ ᠴᠢᠨᠠᠷ ᠲᠠᠢ ᠦᠨᠳᠦᠰᠦᠨ ᠬᠠᠤᠯᠢ᠂ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠠᠷᠠᠳ ᠤᠨ ᠦᠨᠳᠦᠰᠦᠨ ᠬᠠᠤᠯᠢ ᠶᠢ ᠠᠮᠵᠢᠯᠲᠠ ᠲᠠᠢ ᠲᠣᠭᠲᠠᠭᠠᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ ᠲᠡᠦᠬᠡ ᠴᠢᠨᠠᠭᠰᠢᠯᠠᠪᠠᠯ ᠳᠡᠯᠡᠬᠡᠢ ᠶᠢᠨ ᠦᠨᠳᠦᠰᠦᠨ ᠬᠠᠤᠯᠢ ᠶᠢᠨ ᠳᠦᠷᠢᠮ ᠤᠨ ᠲᠡᠦᠬᠡᠨ ᠳᠡᠭᠡᠷ᠎ᠡ ᠴᠥᠮ ᠪᠦᠲᠦᠭᠡᠯᠴᠢ ᠴᠢᠨᠠᠷᠲᠠᠢ ᠠᠴᠢ ᠬᠤᠯᠪᠣᠭᠳᠠᠯ ᠲᠠᠢ ᠪᠠᠶᠢᠵᠤ᠂ ᠬᠥᠮᠥᠨ ᠲᠥᠷᠥᠯᠬᠢᠲᠡᠨ ᠤ ᠬᠠᠤᠯᠢᠵᠢᠯ ᠤᠨ ᠪᠣᠯᠪᠠᠰᠤᠨ ᠤ ᠲᠠᠪᠰᠢᠯᠳᠠ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ ᠢ ᠨᠡᠮᠡᠷᠢᠯᠡᠭᠰᠡᠨ ᠪᠠᠶᠢᠨ᠎ᠠ᠃ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠲᠣᠭᠲᠠᠭᠠᠭᠰᠠᠨ ᠦᠨᠳᠦᠰᠦᠨ ᠬᠠᠤᠯᠢ ᠨᠢ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠪᠦᠭᠦ ᠠᠷᠠᠳ ᠲᠦᠮᠡᠨ ᠤ ᠬᠠᠮᠲᠤ ᠶᠢᠨ ᠬᠦᠰᠡᠯ ᠵᠣᠷᠢᠭ ᠢ ᠢᠯᠡᠷᠡᠭᠦᠯᠵᠦ᠂ ᠨᠠᠮ ᠤᠨ ᠵᠣᠷᠢᠯᠲᠠ ᠪᠠ ᠠᠷᠠᠳ ᠲᠦᠮᠡᠨ ᠤ ᠬᠦᠰᠡᠯ ᠵᠣᠷᠢᠭ ᠤᠨ ᠳᠡᠭᠡᠳᠦ ᠬᠡᠮᠵᠢᠶᠡᠨ ᠤ ᠨᠢᠭᠡᠳᠦᠯ ᠢ ᠪᠡᠶᠡᠯᠡᠭᠦᠯᠵᠦ᠂ ᠠᠯᠢᠪᠠ ᠬᠠᠭᠤᠴᠢᠨ ᠦᠨᠳᠦᠰᠦᠨ ᠬᠠᠤᠯᠢ ᠶᠢᠨ ᠵᠥᠪᠭᠡᠨ ᠴᠥᠭᠡᠨ ᠲᠣᠭᠠᠨ ᠤ ᠬᠥᠮᠥᠰ ᠤᠨ ᠬᠦᠰᠡᠯ ᠵᠣᠷᠢᠭ ᠢ ᠲᠥᠯᠥᠭᠡᠯᠡᠵᠦ᠂ ᠴᠥᠭᠡᠨ ᠲᠣᠭᠠᠨ ᠤ ᠬᠥᠮᠥᠰ ᠤᠨ ᠠᠰᠢᠭ ᠲᠤᠰᠠ ᠳᠤ ᠦᠢᠯᠡᠴᠢᠯᠡᠬᠦ ᠭᠡᠮ ᠰᠣᠭᠤᠭ ᠢ ᠢᠯᠠᠨ ᠳᠠᠪᠠᠭᠰᠠᠨ ᠠᠴᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠬᠦᠷᠢᠶᠡᠯᠡᠯ ᠪᠠ ᠵᠢᠷᠤᠮᠯᠠᠯ ᠢ ᠣᠯᠵᠤ᠂ ᠢᠯᠡᠳᠲᠡ ᠳᠠᠪᠠᠭᠤᠯᠢᠭ᠂ ᠪᠠᠲᠤ ᠪᠠᠬᠢ ᠰᠠᠭᠤᠷᠢ᠂ ᠬᠦᠴᠦᠷᠬᠡᠭ ᠶᠡᠭᠡ ᠠᠮᠢᠵᠢᠷᠠᠯ ᠤᠨ ᠬᠦᠴᠦᠨ ᠲᠠᠢ ᠪᠣᠯᠤᠭᠰᠠᠨ ᠪᠠᠶᠢᠨ᠎ᠠ᠃ 1982 ᠣᠨ ᠳᠤ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ ᠤ ᠲᠠᠷᠠᠭ᠎ᠠ᠂ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠡᠨᠡ ᠬᠦ ᠦᠨᠳᠦᠰᠦᠨ ᠬᠠᠤᠯᠢ ᠶᠢᠨ ᠣᠨᠴᠠ ᠵᠠᠷᠢᠮ ᠵᠦᠢᠯ ᠵᠤᠷᠪᠤᠰ ᠪᠣᠯᠣᠨ ᠨᠢᠭᠡ ᠪᠦᠯᠦᠭ ᠠᠭᠤᠯᠭ᠎ᠠ ᠳᠤ ᠤᠷᠢᠳ ᠬᠤᠵᠢᠳ 5 ᠤᠳᠠᠭ᠎ᠠ ᠵᠠᠶᠢᠯᠠᠰᠢ ᠦᠭᠡᠢ ᠱᠠᠭᠠᠷᠳᠠᠭᠳᠠᠬᠤ ᠪᠥᠭᠡᠳ ᠲᠦᠢᠯ ᠤᠨ ᠴᠢᠬᠤᠯᠠ ᠵᠠᠰᠠᠪᠤᠷᠢ ᠣᠷᠣᠭᠤᠯᠵᠠᠢ᠃ ᠡᠳᠡᠭᠡᠷ ᠵᠠᠰᠠᠪᠤᠷᠢ ᠣᠷᠣᠭᠤᠯᠤᠯᠲᠠ ᠨᠢ ᠮᠠᠨ ᠤ ᠤᠯᠤᠰ ᠤᠨ ᠦᠨᠳᠦᠰᠦᠨ ᠬᠠᠤᠯᠢ ᠶᠢ ᠲᠡᠭᠦᠯᠳᠡᠷᠵᠢᠭᠦᠯᠦᠨ ᠬᠥᠭᠵᠢᠭᠦᠯᠬᠦ᠂ ᠨᠡᠶᠢᠭᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ᠂ ᠨᠠᠮ ᠤᠨ ᠬᠠᠤᠯᠢ ᠪᠠᠷ ᠤᠯᠤᠰ ᠢᠶᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠦᠵᠡᠭᠦᠯᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠪᠣᠯᠣᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠬᠠᠤᠯᠢᠵᠢᠯ ᠢ ᠲᠣᠭᠲᠠᠭᠠᠵᠤ᠂ ᠬᠠᠤᠯᠢᠵᠢᠯ ᠢ ᠪᠠᠶᠢᠷᠢᠰᠢᠭᠤᠯᠵᠤ᠂ ᠬᠠᠤᠯᠢᠵᠢᠯ ᠢ ᠴᠢᠩᠭ᠎ᠠ ᠬᠡᠷᠡᠭᠵᠢᠭᠦᠯᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ ᠲᠥᠯᠥᠪᠵᠢᠭᠦᠯᠵᠦ᠂ ᠠᠬᠢᠭᠤᠯᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠪᠠᠶᠢᠭᠤᠯᠤᠯᠲᠠ ᠪᠣᠯᠣᠨ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ᠃ ᠪᠢᠳᠡ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠵᠡᠷᠭᠡ ᠲᠠᠯ᠎ᠠ ᠪᠠᠷ ᠤᠷᠢᠳ ᠬᠤᠵᠢᠳ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠥᠪ ᠤᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠢ ᠪᠠᠶᠢᠭᠤᠯᠵᠤ᠂ ᠨᠠᠮ ᠤᠨ ᠬᠠᠤᠯᠢ ᠲᠣᠭᠲᠠᠭᠠᠬᠤ ᠶᠢ ᠤᠳᠤᠷᠢᠳᠬᠤ᠂ ᠬᠠᠤᠯᠢ ᠬᠡᠷᠡᠭᠵᠢᠭᠦᠯᠬᠦ ᠶᠢ ᠪᠠᠲᠤᠯᠠᠬᠤ᠂ ᠬᠠᠤᠯᠢ ᠪᠠᠷᠢᠬᠤ ᠶᠢ ᠳᠡᠮᠵᠢᠭᠦ᠂ ᠲᠦᠷᠦᠭᠦᠯᠡᠨ ᠬᠠᠤᠯᠢ ᠶᠢ ᠰᠠᠬᠢᠬᠤ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠠ ᠦᠨᠳᠦᠰᠦᠨ ᠬᠠᠤᠯᠢ ᠶᠢ ᠬᠡᠷᠡᠭᠵᠢᠭᠦᠯᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠪᠠ᠃ ᠨᠠᠮ ᠤᠨ ᠤᠳᠤᠷᠢᠳᠤᠯᠭ᠎ᠠ ᠶᠢ ᠳᠦᠷᠢᠮᠵᠢᠭᠦᠯᠬᠦ᠂ ᠬᠠᠤᠯᠢᠵᠢᠭᠤᠯᠬᠤ ᠶᠢ ᠢᠳᠡᠪᠬᠢᠲᠡᠢ ᠠᠬᠢᠭᠤᠯᠵᠤ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠤᠯᠤᠰ ᠤᠨ ᠤᠯᠤᠰ ᠲᠦᠷᠦ ᠪᠠ ᠨᠡᠶᠢᠭᠡᠮ ᠤᠨ ᠠᠮᠢᠳᠤᠷᠠᠯ ᠳᠠᠬᠢ ᠵᠢᠯᠤᠭᠤᠳᠬᠤ ᠪᠠᠶᠢᠷᠢ ᠰᠠᠭᠤᠷᠢ ᠶᠢ ᠲᠣᠭᠲᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠤᠯᠭ᠎ᠠ ᠶᠢᠨ ᠦᠨᠳᠦᠰᠦᠨ ᠬᠠᠤᠯᠢ ᠶᠢᠨ ᠪᠠᠲᠤᠯᠠᠭ᠎ᠠ ᠨᠡᠩ ᠪᠦᠷᠢᠨᠰᠢᠪᠡ᠃ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠳᠦᠷᠢᠮ ᠪᠠ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠨᠡᠩ ᠪᠦᠲᠦᠮᠵᠢᠲᠡᠢ ᠪᠣᠯᠭᠠᠪᠠ᠃ ᠦᠨᠳᠦᠰᠦᠨ ᠬᠠᠤᠯᠢ ᠶᠢᠨ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠬᠠᠤᠯᠢ ᠳᠤ ᠨᠡᠶᠢᠴᠡᠭᠦ ᠴᠢᠨᠠᠷᠲᠠᠢ ᠬᠢᠨᠠᠨ ᠪᠠᠶᠢᠴᠠᠭᠠᠬᠤ᠂ ᠲᠠᠩᠰᠠᠯᠠᠵᠤ ᠬᠢᠨᠠᠨ ᠪᠠᠶᠢᠴᠠᠭᠠᠬᠤ ᠳᠦᠷᠢᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠬᠢᠨᠠᠯᠲᠠ ᠲᠠᠯᠪᠢᠬᠤ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠤᠯᠤᠰ ᠤᠨ ᠦᠨᠳᠦᠰᠦᠨ ᠬᠠᠤᠯᠢ ᠶᠢᠨ ᠡᠳᠦᠷ ᠢ ᠲᠣᠭᠲᠠᠭᠠᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠪᠠᠶᠢᠭᠤᠯᠤᠨ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠪᠦᠭᠦ ᠨᠡᠶᠢᠭᠡᠮ ᠤᠨ ᠦᠨᠳᠦᠰᠦᠨ ᠬᠠᠤᠯᠢ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠢᠯᠡᠳᠲᠡ ᠴᠢᠩᠭᠠᠳᠬᠠᠪᠠ᠃ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠣᠰᠣᠭᠠᠷ ᠣᠨᠴᠠᠭᠠᠢ ᠵᠠᠰᠠᠭ ᠵᠠᠬᠢᠷᠭᠠᠨ ᠤ ᠣᠷᠣᠨ ᠳᠠᠬᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠬᠠᠤᠯᠢᠵᠢᠯ ᠤᠨ ᠪᠠᠲᠤᠯᠠᠭ᠎ᠠ ᠶᠢ ᠨᠡᠩ ᠬᠦᠴᠦᠲᠡᠢ ᠪᠣᠯᠭᠠᠪᠠ᠃      ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠪᠠᠶᠢᠭᠤᠯᠤᠯᠲᠠ ᠪᠣᠯᠣᠨ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠪᠦᠭᠦ ᠨᠠᠮ ᠪᠦᠭᠦ ᠨᠡᠶᠢᠭᠡᠮ ᠤᠨ ᠦᠨᠳᠦᠰᠦᠨ ᠬᠠᠤᠯᠢ ᠶᠢᠨ ᠤᠬᠠᠮᠰᠠᠷ ᠢᠯᠡᠳᠲᠡ ᠳᠡᠭᠡᠭᠰᠢᠯᠡᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠪᠠᠶᠢᠭᠤᠯᠤᠯᠲᠠ ᠪᠠᠶᠠᠯᠢᠭ ᠦᠷ᠎ᠡ ᠪᠦᠲᠦᠭᠡᠯ ᠣᠯᠣᠭᠰᠠᠨ ᠢ ᠪᠣᠳᠠᠲᠤ ᠪᠠᠶᠢᠳᠠᠯ ᠭᠡᠷᠡᠴᠢᠯᠡᠭᠰᠡᠨ ᠪᠠᠶᠢᠨ᠎ᠠ᠃ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠠᠬᠢᠴᠠ ᠳᠤᠮᠳᠠ᠂ ᠮᠠᠨ ᠤ ᠨᠠᠮ ᠲᠡᠦᠬᠡ ᠶᠢᠨ ᠲᠤᠷᠰᠢᠯᠭ᠎ᠠ ᠪᠠᠨ ᠳ᠋ᠦᠩᠨᠡᠨ ᠬᠡᠷᠡᠭᠯᠡᠵᠦ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠤᠨᠤᠯ ᠪᠣᠯᠣᠨ ᠦᠨᠳᠦᠰᠦᠨ ᠬᠠᠤᠯᠢ ᠶᠢᠨ ᠦᠢᠯᠡᠳᠦᠯᠭᠡ ᠶᠢᠨ ᠰᠢᠨ᠎ᠡ ᠶᠢ ᠡᠭᠦᠳᠭᠦ ᠶᠢ ᠵᠣᠷᠢᠭᠲᠠᠢ ᠠᠬᠢᠭᠤᠯᠵᠤ᠂ ᠮᠠᠰᠢ ᠤᠯᠠᠨ ᠰᠢᠨ᠎ᠡ ᠲᠤᠷᠰᠢᠯᠭ᠎ᠠ ᠶᠢ ᠬᠤᠷᠠᠮᠳᠤᠭᠤᠯᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠪᠠᠶᠢᠭᠤᠯᠤᠯᠲᠠ ᠶᠢᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠪᠡ᠃      ᠨᠢᠭᠡ ᠳᠤ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠪᠠᠶᠢᠨ᠎ᠠ᠂ ᠡᠨᠡ ᠪᠣᠯ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠠᠮᠤᠭ ᠤᠨ ᠢᠯᠡᠷᠬᠡᠢ ᠣᠨᠴᠠᠯᠢᠭ ᠮᠥᠨ᠂ ᠪᠠᠰᠠ ᠴᠤ ᠮᠠᠨ ᠤ ᠤᠯᠤᠰ ᠤᠨ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ ᠦᠨᠳᠦᠰᠦᠨ ᠪᠠᠲᠤᠯᠠᠭ᠎ᠠ ᠮᠥᠨ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠠᠷᠠᠳ ᠲᠦᠮᠡᠨ ᠢ ᠤᠳᠤᠷᠢᠳᠤᠨ ᠠᠷᠠᠳ ᠲᠦᠮᠡᠨ ᠤ ᠬᠦᠰᠡᠯ ᠵᠣᠷᠢᠭ ᠢ ᠢᠯᠡᠷᠡᠭᠦᠯᠦᠭᠰᠡᠨ ᠦᠨᠳᠦᠰᠦᠨ ᠬᠠᠤᠯᠢ ᠶᠢ ᠲᠣᠭᠲᠠᠭᠠᠵᠤ᠂ ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠶᠢ ᠬᠡᠷᠡᠭᠵᠢᠭᠦᠯᠵᠦ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ ᠤᠯᠤᠰ ᠲᠦᠷᠦ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ ᠴᠢᠳᠠᠨ᠎ᠠ᠃      ᠬᠤᠶᠠᠷ ᠲᠤ ᠡᠷᠬᠡᠪᠰᠢ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠪᠠᠷᠢᠮᠲᠠᠯᠠᠬᠤ ᠬᠡᠷᠡᠭᠲᠡᠢ᠃ ᠨᠠᠮ ᠠᠴᠠ ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠶᠢ ᠲᠣᠭᠲᠠᠭᠠᠨ ᠬᠡᠷᠡᠭᠵᠢᠭᠦᠯᠬᠦ ᠬᠠᠮᠤᠭ ᠤᠨ ᠦᠨᠳᠦᠰᠦᠨ ᠵᠣᠷᠢᠯᠭ᠎ᠠ ᠪᠣᠯ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠶᠢᠨ ᠲᠥᠯᠥᠭᠡ ᠶᠤᠮ᠃ ᠭᠠᠭᠴᠠ ᠬᠦ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠡᠷᠬᠡ ᠶᠢᠨ ᠲᠥᠪ ᠭᠤᠣᠯᠴᠢ᠂ ᠠᠵᠠ ᠲᠣᠭᠢᠶᠠᠯ ᠤᠨ ᠲᠥᠪ ᠭᠤᠣᠯᠴᠢ᠂ ᠳᠦᠷᠢᠮ ᠤᠨ ᠲᠥᠪ ᠭᠤᠣᠯᠴᠢ ᠶᠢ ᠢᠯᠡᠷᠡᠭᠦᠯᠭᠦ ᠬᠠᠤᠯᠢ ᠴᠠᠭᠠᠵᠠ ᠶᠢᠨ ᠳᠦᠷᠢᠮ ᠢ ᠲᠦᠷᠭᠡᠨ ᠢᠶᠠᠷ ᠲᠡᠭᠦᠯᠳᠡᠷᠵᠢᠭᠦᠯᠵᠦ᠂ ᠠᠷᠠᠳ ᠢᠷᠭᠡᠨ ᠤ ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ᠂ ᠬᠥᠮᠥᠨ ᠤ ᠨᠡᠷ᠎ᠡ ᠬᠦᠨᠳᠦ ᠶᠢᠨ ᠡᠷᠬᠡ ᠪᠠ ᠦᠨᠳᠦᠰᠦᠨ ᠤᠯᠤᠰ ᠲᠦᠷᠦ ᠶᠢᠨ ᠡᠷᠬᠡ ᠶᠢᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠠᠲᠤᠯᠠᠵᠤ᠂ ᠠᠷᠠᠳ ᠢᠷᠭᠡᠨ ᠤ ᠠᠵᠤ ᠠᠬᠤᠢ᠂ ᠰᠣᠶᠣᠯ᠂ ᠨᠡᠶᠢᠭᠡᠮ ᠵᠡᠷᠭᠡ ᠡᠯ᠎ᠡ ᠲᠠᠯ᠎ᠠ ᠶᠢᠨ ᠡᠷᠬᠡ ᠶᠢ ᠨᠠᠶᠢᠳᠠᠪᠤᠷᠢᠵᠢᠭᠤᠯᠬᠤ ᠶᠢ ᠪᠠᠲᠤᠯᠠᠪᠠᠯ ᠰᠠᠶ᠋ᠢ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ᠃      ᠭᠤᠷᠪᠠ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ ᠵᠠᠰᠠᠵᠤ᠂ ᠦᠨᠳᠦᠰᠦᠨ ᠬᠠᠤᠯᠢ ᠪᠠᠷ ᠲᠦᠷᠦ ᠪᠠᠷᠢᠬᠤ ᠶᠢ ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠪᠣᠯ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠦᠨᠳᠦᠰᠦᠨ ᠬᠠᠤᠯᠢ ᠴᠠᠭᠠᠵᠠ ᠶᠢᠨ ᠦᠨᠳᠦᠰᠦᠯᠡᠯ ᠮᠥᠨ᠃ ᠭᠠᠭᠴᠠ ᠬᠦ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠲᠦᠷᠦ ᠪᠠᠷᠢᠬᠤ ᠶᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠳᠦᠷᠢᠮ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠠᠵᠢᠯ ᠢᠶᠠᠨ ᠥᠷᠨᠢᠭᠦᠯᠬᠦ ᠶᠢ ᠨᠢᠭᠡᠳᠬᠡᠵᠦ᠂ ᠨᠠᠮ ᠤᠨ ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠬᠠᠤᠯᠢ ᠴᠠᠭᠠᠵᠠ ᠶᠢ ᠲᠣᠭᠲᠠᠭᠠᠨ ᠬᠡᠷᠡᠭᠵᠢᠭᠦᠯᠬᠦ ᠪᠣᠯᠣᠨ ᠨᠠᠮ ᠤᠨ ᠦᠨᠳᠦᠰᠦᠨ ᠬᠠᠤᠯᠢ ᠬᠠᠤᠯᠢ ᠴᠠᠭᠠᠵᠠ ᠶᠢᠨ ᠬᠡᠪᠴᠢᠶᠡᠨ ᠳᠤ ᠠᠵᠢᠯᠯᠠᠭ᠎ᠠ ᠬᠢᠬᠦ ᠶᠢ ᠪᠠᠷᠢᠮᠲᠠᠯᠠᠬᠤ ᠶᠢ ᠨᠢᠭᠡᠳᠬᠡᠪᠡᠯ ᠰᠠᠶ᠋ᠢ ᠨᠠᠮ ᠠᠴᠠ ᠠᠷᠠᠳ ᠲᠦᠮᠡᠨ ᠢ ᠤᠳᠤᠷᠢᠳᠤᠨ ᠬᠠᠤᠯᠢ ᠶᠣᠰᠣᠭᠠᠷ ᠪᠦᠲᠦᠮᠵᠢᠲᠡᠢ ᠪᠠᠷ ᠤᠯᠤᠰ ᠢᠶᠠᠨ ᠵᠠᠰᠠᠬᠤ ᠶᠢ ᠪᠠᠲᠤᠯᠠᠵᠤ ᠴᠢᠳᠠᠨ᠎ᠠ᠃      ᠳᠥᠷᠪᠡ ᠳᠤ ᠡᠷᠬᠡᠪᠰᠢ ᠦᠨᠳᠦᠰᠦᠨ ᠬᠠᠤᠯᠢ ᠶᠢᠨ ᠤᠯᠤᠰ ᠤᠨ ᠦᠨᠳᠦᠰᠦ ᠪᠤᠯᠬᠤ ᠬᠠᠤᠯᠢ ᠶᠢᠨ ᠪᠠᠶᠢᠷᠢ ᠰᠠᠭᠤᠷᠢ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠨᠢ ᠨᠠᠮ ᠪᠣᠯᠣᠨ ᠠᠷᠠᠳ ᠲᠦᠮᠡᠨ ᠤ ᠨᠢᠭᠡᠳᠦᠯᠲᠡᠢ ᠵᠣᠷᠢᠭ ᠰᠠᠨᠠᠭ᠎ᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠢ ᠲᠥᠪᠯᠡᠷᠡᠩᠭᠦᠢ ᠢᠯᠡᠷᠡᠭᠦᠯᠵᠦ᠂ ᠤᠯᠤᠰ ᠤᠨ ᠵᠣᠷᠢᠭ ᠰᠠᠨᠠᠭᠠᠨ ᠤ ᠬᠠᠮᠤᠭ ᠤᠨ ᠳᠡᠭᠡᠳᠦ ᠢᠯᠡᠷᠡᠯ ᠤᠨ ᠭᠡᠯᠪᠡᠷᠢ ᠪᠠᠶᠢᠵᠤ᠂ ᠦᠨᠳᠦᠰᠦᠨ ᠴᠢᠨᠠᠷ᠂ ᠪᠦᠭᠦ ᠲᠠᠯᠠᠲᠤ ᠴᠢᠨᠠᠷ᠂ ᠲᠣᠭᠲᠠᠪᠤᠷᠢᠲᠤ ᠴᠢᠨᠠᠷ᠂ ᠤᠷᠳᠤ ᠬᠤᠭᠤᠴᠠᠭᠠᠲᠤ ᠴᠢᠨᠠᠷ ᠲᠠᠢ ᠶᠤᠮ᠃ ᠦᠨᠳᠦᠰᠦᠨ ᠬᠠᠤᠯᠢ ᠳᠤ ᠤᠯᠤᠰ ᠤᠨ ᠴᠢᠬᠤᠯᠠ ᠶᠡᠭᠡ ᠪᠠᠶᠢᠭᠤᠯᠤᠯ ᠪᠣᠯᠣᠨ ᠴᠢᠬᠤᠯᠠ ᠶᠡᠭᠡ ᠶᠠᠪᠤᠳᠠᠯ ᠢ ᠲᠣᠭᠲᠠᠭᠠᠵᠤ᠂ ᠤᠯᠤᠰ ᠪᠣᠯᠣᠨ ᠨᠡᠶᠢᠭᠡᠮ ᠤᠨ ᠠᠮᠢᠳᠤᠷᠠᠯ ᠳᠤᠮᠳᠠ ᠶᠡᠷᠦᠩᠬᠡᠶᠢᠯᠡᠭᠰᠡᠨ ᠴᠢᠨᠠᠷ᠂ ᠵᠠᠷᠴᠢᠮᠲᠤ ᠴᠢᠨᠠᠷ᠂ ᠬᠥᠲᠥᠯᠪᠦᠷᠢ ᠶᠢᠨ ᠴᠢᠨᠠᠷ᠂ ᠴᠢᠭᠯᠡᠭᠦᠯᠦᠯᠲᠦ ᠴᠢᠨᠠᠷ ᠲᠠᠢ ᠶᠤᠮ᠃ ᠦᠨᠳᠦᠰᠦᠨ ᠬᠠᠤᠯᠢ ᠪᠣᠯ ᠤᠯᠤᠰ ᠤᠨ ᠠᠯᠢᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠶᠡᠷᠦᠩᠬᠡᠢ ᠦᠨᠳᠦᠰᠦᠯᠡᠯ᠂ ᠶᠡᠷᠦᠩᠬᠡᠢ ᠡᠬᠢ ᠰᠤᠷᠪᠤᠯᠵᠢ ᠮᠥᠨ᠂ ᠬᠠᠮᠤᠭ ᠤᠨ ᠳᠡᠭᠡᠳᠦ ᠬᠠᠤᠯᠢ ᠴᠠᠭᠠᠵᠠ ᠶᠢᠨ ᠪᠠᠶᠢᠷᠢ ᠰᠠᠭᠤᠷᠢ᠂ ᠬᠠᠤᠯᠢ ᠴᠠᠭᠠᠵᠠ ᠶᠢᠨ ᠡᠷᠬᠡ ᠰᠦᠷ᠂ ᠬᠠᠤᠯᠢ ᠴᠠᠭᠠᠵᠠ ᠶᠢᠨ ᠬᠦᠴᠦᠨ ᠲᠠᠢ ᠶᠤᠮ᠃ ᠭᠠᠭᠴᠠ ᠬᠦ ᠦᠨᠳᠦᠰᠦᠨ ᠬᠠᠤᠯᠢ ᠨᠢ ᠤᠯᠤᠰ ᠤᠨ ᠦᠨᠳᠦᠰᠦ ᠪᠤᠯᠬᠤ ᠬᠠᠤᠯᠢ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠲᠣᠭᠲᠠᠭᠠᠯ᠂ ᠵᠠᠷᠴᠢᠮ᠂ ᠵᠣᠷᠢᠭ ᠰᠠᠨᠠᠭ᠎ᠠ ᠶᠢ ᠡᠷᠡᠰ ᠬᠠᠮᠠᠭᠠᠯᠠᠨ ᠲᠤᠭᠤᠰᠢᠯᠠᠭᠤᠯᠪᠠᠯ ᠰᠠᠶ᠋ᠢ ᠤᠯᠤᠰ ᠤᠨ ᠨᠢᠭᠡᠳᠦᠯ᠂ ᠬᠠᠤᠯᠢ ᠳᠦᠷᠢᠮ ᠤᠨ ᠨᠢᠭᠡᠳᠦᠯ᠂ ᠵᠠᠰᠠᠭ ᠤᠨ ᠵᠠᠷᠯᠢᠭ ᠤᠨ ᠨᠢᠭᠡᠳᠦᠯ ᠢ ᠪᠠᠲᠤᠯᠠᠵᠤ ᠴᠢᠳᠠᠨ᠎ᠠ᠃      ᠲᠠᠪᠤ ᠳᠤ ᠡᠷᠬᠡᠪᠰᠢ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠬᠢᠭᠡᠳ ᠬᠢᠨᠠᠯᠲᠠ ᠶᠢ ᠳᠦᠷᠢᠮᠵᠢᠭᠦᠯᠬᠦ ᠪᠠ ᠬᠠᠤᠯᠢᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠶᠢᠨ ᠠᠮᠢ ᠨᠠᠰᠤ ᠨᠢ ᠬᠡᠷᠡᠭᠵᠢᠭᠦᠯᠬᠦ ᠳᠤ ᠪᠤᠢ᠂ ᠦᠨᠳᠦᠰᠦᠨ ᠬᠠᠤᠯᠢ ᠶᠢᠨ ᠡᠷᠬᠡ ᠰᠦᠷ ᠨᠢ ᠴᠦ ᠬᠡᠷᠡᠭᠵᠢᠭᠦᠯᠬᠦ ᠳᠤ ᠪᠤᠢ᠃ ᠡᠷᠬᠡᠪᠰᠢ ᠰᠢᠨᠵᠢᠯᠡᠬᠦ ᠤᠬᠠᠭᠠᠨᠴᠢ ᠪᠦᠲᠦᠮᠵᠢᠲᠡᠢ᠂ ᠰᠢᠰᠲ᠋ᠧᠮ ᠲᠠᠢ ᠪᠦᠷᠢᠨ ᠲᠡᠭᠦᠯᠳᠡᠷ ᠳᠦᠷᠢᠮ ᠬᠠᠤᠯᠢ ᠲᠣᠭᠲᠠᠭᠠᠯ ᠤᠨ ᠰᠢᠰᠲ᠋ᠧᠮ ᠢᠶᠠᠷ ᠦᠨᠳᠦᠰᠦᠨ ᠬᠠᠤᠯᠢ ᠶᠢ ᠬᠡᠷᠡᠭᠵᠢᠭᠦᠯᠬᠦ ᠶᠢ ᠪᠠᠲᠤᠯᠠᠵᠤ᠂ ᠪᠦᠷᠢᠨ ᠲᠡᠭᠦᠯᠳᠡᠷ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠥᠨᠳᠥᠷ ᠪᠦᠲᠦᠮᠵᠢᠲᠡᠢ ᠬᠠᠤᠯᠢᠵᠢᠯ ᠤᠨ ᠬᠡᠷᠡᠭᠵᠢᠭᠦᠯᠬᠦ ᠰᠢᠰᠲ᠋ᠧᠮ᠂ ᠨᠢᠭᠲᠠ ᠴᠢᠩᠭ᠎ᠠ ᠬᠠᠤᠯᠢᠵᠢᠯ ᠤᠨ ᠬᠢᠨᠠᠯᠲᠠ ᠶᠢᠨ ᠰᠢᠰᠲ᠋ᠧᠮ᠂ ᠬᠦᠴᠦᠲᠡᠢ ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠢ ᠪᠤᠢ ᠪᠤᠯᠭᠠᠵᠤ᠂ ᠨᠠᠮ ᠤᠨ ᠳᠣᠲᠣᠭᠠᠳᠤ ᠶᠢᠨ ᠪᠦᠷᠢᠨ ᠲᠡᠭᠦᠯᠳᠡᠷ ᠬᠠᠤᠯᠢ ᠲᠣᠭᠲᠠᠭᠠᠯ ᠤᠨ ᠰᠢᠰᠲ᠋ᠧᠮ ᠢ ᠪᠤᠢ ᠪᠤᠯᠭᠠᠵᠤ᠂ ᠦᠨᠳᠦᠰᠦᠨ ᠬᠠᠤᠯᠢ ᠶᠢᠨ ᠬᠢᠨᠠᠯᠲᠠ ᠶᠢ ᠴᠢᠩᠭᠠᠳᠬᠠᠵᠤ᠂ ᠬᠠᠤᠯᠢᠵᠢᠯ ᠤᠨ ᠵᠠᠮ ᠳᠡᠭᠡᠷ᠎ᠡ ᠤᠯᠤᠰ  ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃      ᠵᠢᠷᠭᠤᠭ᠎ᠠ ᠳᠤ ᠡᠷᠬᠡᠪᠰᠢ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠪᠣᠯ ᠳᠠᠷᠤᠢ ᠨᠠᠮ ᠪᠣᠯᠣᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭᠠᠨ ᠤ ᠡᠷᠬᠡ ᠰᠦᠷ ᠢ ᠬᠠᠮᠠᠭᠠᠯᠠᠬᠤ ᠶᠠᠪᠤᠳᠠᠯ ᠪᠤᠯᠤᠨ᠎ᠠ ;  ᠦᠨᠳᠦᠰᠦᠨ ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠬᠤ ᠪᠣᠯ ᠳᠠᠷᠤᠢ ᠨᠠᠮ ᠪᠣᠯᠣᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭᠠᠨ ᠤ ᠨᠡᠷ᠎ᠡ ᠬᠦᠨᠳᠦ ᠶᠢ ᠬᠠᠮᠠᠭᠠᠯᠠᠬᠤ ᠶᠠᠪᠤᠳᠠᠯ ᠪᠤᠯᠤᠨ᠎ᠠ ; ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠪᠣᠯ ᠳᠠᠷᠤᠢ ᠠᠷᠠᠳ ᠲᠦᠮᠡᠨ ᠤ ᠦᠨᠳᠦᠰᠦᠨ ᠠᠰᠢᠭ ᠲᠤᠰᠠ ᠶᠢᠨ ᠪᠡᠶᠡᠯᠡᠭᠳᠡᠬᠦ ᠶᠢ ᠪᠠᠲᠤᠯᠠᠬᠤ ᠶᠠᠪᠤᠳᠠᠯ ᠪᠣᠯᠣᠨ᠎ᠠ᠃ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠯᠢᠪᠠ ᠲᠦᠷᠦ ᠶᠢᠨ ᠪᠠᠶᠢᠭᠤᠯᠭ᠎ᠠ ᠪᠠ ᠵᠡᠪᠰᠡᠭᠲᠦ ᠬᠦᠴᠦᠨ᠂ ᠡᠯ᠎ᠡ ᠲᠦᠷᠦ ᠶᠢᠨ ᠨᠠᠮ ᠪᠠ ᠨᠡᠶᠢᠭᠡᠮ ᠤᠨ ᠪᠦᠯᠭᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠴᠥᠮ ᠦᠨᠳᠦᠰᠦᠨ ᠬᠠᠤᠯᠢ ᠪᠠᠷ ᠠᠵᠢᠯᠯᠠᠭᠠᠨ ᠤ ᠪᠠᠨ ᠦᠨᠳᠦᠰᠦᠨ ᠪᠠᠷᠢᠮᠵᠢᠶ᠎ᠠ ᠪᠤᠯᠭᠠᠬᠤ ᠬᠡᠷᠡᠭᠲᠡᠢ ᠪᠥᠭᠡᠳ ᠦᠨᠳᠦᠰᠦᠨ ᠬᠠᠤᠯᠢ ᠶᠢᠨ ᠨᠡᠷ᠎ᠡ ᠬᠦᠨᠳᠦ ᠶᠢ ᠬᠠᠮᠠᠭᠠᠯᠠᠬᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠲᠠᠢ ᠶᠤᠮ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠳᠠᠪᠠᠭᠰᠠᠨ ᠣᠨᠴᠠ ᠡᠷᠬᠡ ᠲᠠᠢ ᠪᠠᠶᠢᠵᠤ ᠪᠤᠯᠬᠤ ᠦᠭᠡᠢ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠵᠥᠷᠢᠴᠡᠭᠰᠡᠨ ᠠᠯᠢᠪᠠ ᠦᠢᠯᠡ ᠠᠵᠢᠯᠯᠠᠭ᠎ᠠ ᠠᠴᠠ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ᠲᠤᠯᠤᠭ᠎ᠠ ᠳᠤ ᠡᠷᠬᠡᠪᠰᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠦᠨᠳᠦᠰᠦᠨ ᠬᠠᠤᠯᠢ ᠶᠢ ᠲᠡᠭᠦᠯᠳᠡᠷᠵᠢᠭᠦᠯᠦᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠬᠠᠤᠯᠢ ᠨᠢ ᠳᠡᠭᠡᠳᠦ ᠳᠠᠪᠬᠤᠷᠭ᠎ᠠ ᠪᠣᠯᠤᠭᠰᠠᠨ ᠤ ᠬᠤᠪᠢ ᠳᠤ᠂ ᠡᠷᠬᠡᠪᠰᠢ ᠠᠵᠤ ᠠᠬᠤᠢ ᠶᠢᠨ ᠰᠠᠭᠤᠷᠢ ᠶᠢᠨ ᠬᠤᠪᠢᠷᠠᠯᠲᠠ ᠳᠤ ᠵᠣᠬᠢᠴᠠᠵᠤ᠂ ᠨᠠᠮ ᠪᠣᠯᠣᠨ ᠠᠷᠠᠳ ᠲᠦᠮᠡᠨ ᠤ ᠠᠵᠢᠯ ᠦᠢᠯᠡᠰ ᠤᠨ ᠲᠡᠦᠬᠡᠲᠦ ᠳᠠᠪᠰᠢᠯᠲᠠ ᠶᠢ ᠢᠯᠡᠷᠡᠭᠦᠯᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠦᠢᠯᠡᠳᠦᠯᠭᠡ ᠶᠢᠨ ᠬᠥᠭᠵᠢᠯᠲᠡ ᠶᠢ ᠳᠠᠭᠠᠯᠳᠤᠨ ᠲᠠᠰᠤᠷᠠᠯᠲᠠ ᠦᠭᠡᠢ ᠲᠡᠭᠦᠯᠳᠡᠷᠵᠢᠨ ᠭᠦᠭᠵᠢᠭᠦ ᠬᠡᠷᠡᠭᠲᠡᠢ᠃ ᠭᠠᠭᠴᠠ ᠬᠦ ᠴᠠᠭ ᠦᠶ᠎ᠡ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠬᠦᠰᠡᠯ ᠰᠠᠨᠠᠭ᠎ᠠ ᠶᠢ ᠴᠢᠩᠭ᠎ᠠ ᠲᠠᠭᠠᠵᠤ᠂ ᠬᠠᠤᠯᠢᠵᠢᠯ ᠤᠨ ᠵᠢᠮ᠎ᠡ ᠶᠣᠰᠣ ᠶᠢ ᠵᠢᠷᠤᠮᠯᠠᠨ᠂ ᠦᠨᠳᠦᠰᠦᠨ ᠬᠠᠤᠯᠢ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ᠂ ᠡᠷᠬᠡ ᠰᠦᠷᠲᠦ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠦᠨᠳᠦᠰᠦᠨ ᠬᠠᠤᠯᠢ ᠶᠢᠨ ᠲᠠᠰᠤᠷᠠᠯᠳᠠ ᠦᠭᠡᠢ ᠰᠢᠨ᠎ᠡ ᠪᠠᠶᠢᠳᠠᠯ ᠳᠤ ᠵᠣᠬᠢᠴᠠᠬᠤ᠂ ᠰᠢᠨ᠎ᠡ ᠲᠤᠷᠰᠢᠯᠭ᠎ᠠ ᠶᠢ ᠰᠢᠩᠭᠡᠬᠡᠨ ᠠᠪᠬᠤ᠂ ᠰᠢᠨ᠎ᠡ ᠦᠷ᠎ᠡ ᠪᠦᠲᠦᠭᠡᠯ ᠢ ᠨᠤᠲᠠᠯᠠᠬᠤ᠂ ᠰᠢᠨ᠎ᠡ ᠵᠢᠷᠤᠮᠵᠢᠯ ᠭᠠᠷᠭᠠᠬᠤ ᠶᠢ ᠠᠬᠢᠭᠤᠯᠪᠠᠯ ᠰᠠᠶ᠋ᠢ ᠦᠨᠳᠦᠰᠦᠨ ᠬᠠᠤᠯᠢ ᠶᠢᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠵᠤ ᠴᠢᠳᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠦᠨᠳᠦᠰᠦᠨ ᠬᠠᠤᠯᠢ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢᠵᠢᠯ ᠤᠨ ᠵᠠᠮ ᠳᠡᠭᠡᠷ᠎ᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠨ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠡᠭᠦᠷᠭᠡ ᠶᠢ ᠭᠦᠢᠴᠡᠳᠬᠡᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃      ᠨᠢᠭᠡᠳᠦᠭᠡᠷ ᠲᠤ᠂ ᠦᠨᠳᠦᠰᠦᠨ ᠬᠠᠤᠯᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠢᠯᠡᠳᠲᠡ ᠳᠠᠪᠠᠭᠤᠯᠢᠭ ᠪᠠ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠮᠠᠨ ᠤ ᠤᠯᠤᠰ ᠤᠨ ᠦᠨᠳᠦᠰᠦᠨ ᠬᠠᠤᠯᠢ ᠪᠣᠯ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠤᠷᠳᠤ ᠬᠤᠭᠤᠴᠠᠭ᠎ᠠ ᠪᠠᠷ ᠲᠡᠮᠡᠴᠡᠭᠰᠡᠨ ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠤᠨ ᠵᠠᠶᠢᠯᠠᠰᠢ ᠦᠭᠡᠢ ᠦᠷ᠎ᠡ ᠳ᠋ᠦᠩ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠦᠭᠡᠢ ᠪᠣᠯ ᠮᠠᠨ ᠤ ᠤᠯᠤᠰ ᠤᠨ ᠦᠨᠳᠦᠰᠦᠨ ᠬᠠᠤᠯᠢ ᠶᠢᠨ ᠪᠦᠭᠦ ᠲᠠᠯ᠎ᠠ ᠪᠠᠷ ᠲᠤᠭᠤᠰᠢᠯᠠᠭᠳᠠᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠵᠤ ᠴᠢᠳᠠᠬᠤ ᠦᠭᠡᠢ ᠶᠤᠮ᠃      ᠦᠨᠳᠦᠰᠦᠨ ᠬᠠᠤᠯᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠬᠥᠭᠵᠢᠯᠲᠡ ᠶᠢᠨ ᠵᠥᠪ ᠤᠯᠤᠰ ᠲᠦᠷᠦ ᠶᠢᠨ ᠴᠢᠭᠯᠡᠯ ᠢ ᠦᠨᠡᠨ ᠬᠦ ᠪᠠᠲᠤᠯᠠᠵᠤ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠪᠦᠭᠦ ᠲᠠᠯ᠎ᠠ ᠪᠠᠷ ᠲᠤᠭᠤᠰᠢᠯᠠᠭᠳᠠᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠬᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠨᠡᠶᠢᠭᠡᠮ ᠵᠢᠷᠤᠮᠲᠤ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ᠂ ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠬᠢ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠵᠤ᠂ ᠶᠠᠭᠠᠬᠢᠭᠰᠠᠨ ᠴᠤ ᠪᠤᠰᠤᠳ ᠤᠯᠤᠰ ᠤᠨ ᠬᠡᠪ ᠵᠠᠭᠪᠤᠷ ᠪᠣᠯᠣᠨ ᠠᠷᠭ᠎ᠠ ᠬᠢᠳᠡᠯ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠤᠯᠬᠤ ᠦᠭᠡᠢ᠃      ᠬᠤᠶᠠᠳᠤᠭᠠᠷ ᠲᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠲᠦᠷᠦ ᠪᠠᠷᠢᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠬᠠᠤᠯᠢ ᠪᠣᠯ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠶᠡᠷᠦᠩᠬᠡᠢ ᠳᠦᠷᠢᠮ ᠮᠥᠨ᠂ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠦᠨᠳᠦᠰᠦᠨ ᠬᠠᠤᠯᠢ ᠴᠠᠭᠠᠵᠠ ᠶᠢᠨ ᠦᠨᠳᠦᠰᠦᠯᠡᠯ ᠮᠥᠨ᠂ ᠤᠯᠤᠰ ᠤᠨ ᠤᠯᠤᠰ ᠲᠦᠷᠦ ᠪᠠ ᠨᠡᠶᠢᠭᠡᠮ ᠤᠨ ᠠᠮᠢᠳᠤᠷᠠᠯ ᠤᠨ ᠬᠠᠮᠤᠭ ᠤᠨ ᠳᠡᠭᠡᠳᠦ ᠬᠠᠤᠯᠢ ᠴᠠᠭᠠᠵᠠ ᠶᠢᠨ ᠵᠢᠷᠤᠮᠵᠢᠯ ᠮᠥᠨ᠃      ᠨᠠᠮ ᠤᠨ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ᠂ ᠡᠷᠬᠡᠪᠰᠢ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠦᠭᠦ ᠦᠢᠯᠡᠳᠦᠯᠭᠡ ᠳᠤ ᠲᠤᠭᠤᠰᠢᠯᠠᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠳᠤ ᠲᠤᠭᠤᠰᠢᠯᠠᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠤᠨ ᠬᠠᠤᠯᠢᠵᠢᠯᠳᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠨᠠᠮ ᠠᠷᠠᠳ ᠲᠦᠮᠡᠨ ᠢ ᠤᠳᠤᠷᠢᠳᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠲᠣᠭᠲᠠᠭᠠᠬᠤ ᠳᠤ᠂ ᠨᠠᠮ ᠡᠩ ᠲᠡᠷᠢᠭᠦᠨ ᠳᠤ ᠦᠨᠳᠦᠰᠦᠨ ᠬᠠᠤᠯᠢ ᠶᠢ ᠲᠦᠷᠦᠭᠦᠯᠡᠨ ᠭᠦᠨᠳᠦᠳᠭᠡᠵᠦ ᠬᠡᠷᠡᠭᠵᠢᠭᠦᠯᠬᠦ ᠬᠡᠷᠡᠭᠲᠡᠢ᠃ ᠨᠠᠮ ᠤᠨ ᠵᠣᠷᠢᠯᠲᠠ ᠶᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠲᠦᠷᠦ ᠶᠢᠨ ᠵᠣᠷᠢᠭ ᠰᠠᠨᠠᠭ᠎ᠠ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠤᠭᠰᠠᠨ ᠵᠢᠱᠢᠭᠳᠡᠭᠰᠡᠳ ᠢ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠲᠦᠷᠦ ᠶᠢᠨ ᠵᠠᠰᠠᠭ ᠤᠨ ᠡᠷᠬᠡᠲᠦ ᠪᠠᠶᠢᠭᠤᠯᠭ᠎ᠠ ᠶᠢᠨ ᠤᠳᠤᠷᠢᠳᠬᠤ ᠬᠥᠮᠥᠨ ᠪᠤᠯᠭᠠᠬᠤ ᠳᠠᠭᠠᠨ ᠴᠢᠳᠠᠮᠠᠭᠠᠢ ᠪᠠᠶᠢᠵᠤ᠂ ᠲᠦᠷᠦ ᠶᠢᠨ ᠵᠠᠰᠠᠭ ᠤᠨ ᠡᠷᠬᠡᠲᠦ ᠪᠠᠶᠢᠭᠤᠯᠭ᠎ᠠ ᠪᠠᠷ ᠳᠠᠮᠵᠢᠭᠤᠯᠤᠨ ᠨᠠᠮ ᠤᠨ ᠤᠯᠤᠰ ᠣᠷᠣᠨ ᠪᠠ ᠨᠡᠶᠢᠭᠡᠮ ᠳᠠᠬᠢ ᠤᠳᠤᠷᠢᠳᠤᠯᠭ᠎ᠠ ᠶᠢ ᠬᠡᠷᠡᠭᠵᠢᠭᠦᠯᠬᠦ ᠳᠡᠭᠡᠨ ᠴᠢᠳᠠᠮᠠᠭᠠᠢ ᠪᠠᠶᠢᠵᠤ᠂ ᠲᠦᠷᠦ ᠶᠢᠨ ᠡᠷᠬᠡᠲᠦ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠨ ᠬᠠᠤᠯᠢ ᠪᠠ ᠬᠠᠤᠯᠢ ᠴᠠᠭᠠᠵᠠ ᠶᠣᠰᠣᠭᠠᠷ ᠪᠡᠶ᠎ᠡ ᠪᠠᠨ ᠳᠠᠭᠠᠭᠠᠨ ᠬᠠᠷᠢᠭᠤᠴᠠᠵᠤ᠂ ᠵᠣᠬᠢᠴᠠᠩᠭᠤᠢ ᠨᠢᠭᠡᠳᠦᠯᠲᠡᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠭᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠦᠨᠳᠦᠰᠦᠨ ᠬᠠᠤᠯᠢ ᠬᠠᠤᠯᠢ ᠴᠠᠭᠠᠵᠠ ᠶᠢ ᠲᠤᠭᠤᠰᠢᠯᠠᠭᠤᠯᠬᠤ ᠶᠢ ᠡᠯ᠎ᠡ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠪᠦᠭᠦ ᠶᠠᠪᠤᠴᠠ ᠳᠤ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠲᠠᠢ ᠦᠯᠦ ᠬᠠᠷᠰᠢᠯᠳᠤᠬᠤ ᠬᠤᠷᠢᠭ᠎ᠠ ᠱᠤᠭᠤᠮ ᠢ ᠰᠠᠬᠢᠵᠤ᠂ ᠰᠢᠢᠳᠪᠦᠷᠢᠲᠦ ᠪᠣᠳᠣᠯᠭ᠎ᠠ ᠬᠡᠷᠡᠭᠵᠢᠭᠦᠯᠬᠦ ᠳᠤ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠭᠤᠷᠪᠠᠳᠤᠭᠠᠷ ᠲᠤ᠂ ᠦᠨᠳᠦᠰᠦᠨ ᠬᠠᠤᠯᠢ ᠪᠠᠷ ᠭᠤᠣᠯᠯᠠᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠦᠷᠭᠡᠨ ᠢᠶᠠᠷ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠤᠨ ᠪᠦᠭᠦ ᠲᠠᠯᠠᠲᠤ ᠴᠢᠨᠠᠷ᠂ ᠰᠢᠰᠲ᠋ᠧᠮᠲᠦ ᠴᠢᠨᠠᠷ᠂ ᠵᠣᠬᠢᠴᠠᠯᠳᠤ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠬᠤ ᠬᠠᠮᠤᠭ ᠤᠨ ᠦᠨᠳᠦᠰᠦᠨ ᠵᠦᠢᠯ ᠪᠣᠯ ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠲᠣᠭᠲᠠᠭᠠᠯ᠂ ᠦᠨᠳᠦᠰᠦᠨ ᠬᠠᠤᠯᠢ ᠶᠢᠨ ᠵᠠᠷᠴᠢᠮ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠠᠤᠯᠢ ᠲᠣᠭᠲᠠᠭᠠᠬᠤ ᠳᠤᠮᠳᠠ ᠡᠷᠡᠰ ᠲᠤᠭᠤᠰᠢᠯᠠᠭᠤᠯᠵᠤ᠂ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠢᠯᠡᠷᠡᠭᠦᠯᠭᠦ ᠶᠠᠪᠤᠳᠠᠯ ᠪᠣᠯᠣᠨ᠎ᠠ᠃ ᠠᠯᠢᠪᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠨᠢ ᠴᠥᠮ ᠦᠨᠳᠦᠰᠦᠨ ᠬᠠᠤᠯᠢ ᠲᠠᠢ ᠬᠠᠷᠰᠢᠯᠳᠤᠵᠤ ᠪᠤᠯᠬᠤ ᠦᠭᠡᠢ᠂ ᠦᠨᠳᠦᠰᠦᠨ ᠬᠠᠤᠯᠢ ᠶᠢᠨ ᠲᠣᠭᠲᠠᠭᠠᠯ᠂ ᠵᠠᠷᠴᠢᠮ᠂ ᠵᠣᠷᠢᠭ ᠰᠠᠨᠠᠭ᠎ᠠ ᠶᠢ ᠵᠥᠷᠢᠴᠡᠭᠰᠡᠨ ᠠᠯᠢᠪᠠ ᠬᠠᠤᠯᠢ ᠴᠠᠭᠠᠵᠠ ᠬᠠᠤᠯᠢ ᠲᠣᠭᠲᠠᠭᠠᠯ ᠢ ᠡᠷᠬᠡᠪᠰᠢ ᠵᠠᠯᠠᠷᠠᠭᠤᠯᠬᠤ ᠬᠡᠷᠡᠭᠲᠡᠢ᠃      ᠬᠠᠤᠯᠢ ᠲᠣᠭᠲᠠᠭᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠯᠲᠠ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠬᠤ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠬᠤᠭᠤᠴᠠᠭᠠᠲᠤ ᠴᠢᠨᠠᠷ ᠢ ᠴᠢᠩᠭᠠᠳᠬᠠᠬᠤ ᠬᠡᠷᠡᠭᠲᠡᠢ᠃ ᠦᠨᠳᠦᠰᠦᠨ ᠬᠠᠤᠯᠢ ᠶᠢᠨ ᠬᠠᠤᠯᠢ ᠲᠣᠭᠲᠠᠭᠠᠬᠤ ᠶᠠᠪᠤᠴᠠ ᠳᠠᠬᠢ ᠭᠤᠣᠯᠯᠠᠬᠤ ᠪᠠᠶᠢᠷᠢ ᠰᠠᠭᠤᠷᠢ ᠴᠢᠳᠠᠮᠵᠢ ᠶᠢ ᠪᠦᠭᠦ ᠲᠠᠯ᠎ᠠ ᠪᠠᠷ ᠪᠠᠳᠠᠷᠠᠭᠤᠯᠵᠤ᠂ ᠬᠠᠤᠯᠢ ᠲᠣᠭᠲᠠᠭᠠᠬᠤ ᠭᠤᠭᠴᠤᠭ᠎ᠠ ᠨᠢᠭᠡᠪᠦᠷᠢ ᠳᠤ ᠦᠨᠳᠦᠰᠦᠨ ᠬᠠᠤᠯᠢ ᠶᠢᠨ ᠪᠣᠭᠤᠮᠲᠠ ᠶᠢ ᠰᠠᠶᠢᠲᠤᠷ ᠰᠠᠬᠢᠵᠤ᠂ ᠶᠠᠮᠠᠷᠪᠠ ᠬᠠᠤᠯᠢ  ᠶᠢ ᠲᠣᠭᠲᠠᠭᠠᠬᠤ ᠳᠤ ᠴᠥᠮ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠳᠤ ᠨᠡᠶᠢᠴᠡᠭᠦᠯᠬᠦ᠂ ᠦᠨᠳᠦᠰᠦᠨ ᠬᠠᠤᠯᠢ ᠶᠢᠨ ᠡᠷᠬᠡ ᠰᠦᠷ ᠢ ᠬᠠᠷᠠᠭᠤᠯᠬᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ᠃ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠣᠯᠭᠤᠭᠰᠠᠨ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠡᠭᠦᠨ ᠤ ᠬᠠᠤᠯᠢ ᠲᠣᠭᠲᠠᠭᠠᠬᠤ ᠠᠵᠢᠯ ᠳᠠᠬᠢ ᠭᠤᠣᠯᠯᠠᠬᠤ ᠦᠢᠯᠡᠳᠦᠯ ᠢ ᠪᠠᠳᠠᠷᠠᠭᠤᠯᠵᠤ᠂ ᠠᠷᠠᠳ ᠲᠦᠮᠡᠨ ᠤ ᠬᠠᠤᠯᠢ ᠲᠣᠭᠲᠠᠭᠠᠬᠤ ᠳᠤ ᠡᠮᠬᠢ ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠮᠠᠨᠳᠤᠭᠰᠠᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠬᠤ ᠶᠢ ᠴᠢᠩᠭᠠᠳᠬᠠᠵᠤ᠂ ᠤᠯᠤᠰ ᠤᠨ ᠵᠠᠰᠠᠯᠲᠠ ᠳᠤ ᠪᠠᠴᠢᠮ ᠬᠡᠷᠡᠭᠴᠡᠭᠡ ᠲᠠᠢ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠵᠠᠪᠠᠯ ᠱᠠᠭᠠᠷᠳᠠᠭᠳᠠᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠵᠠᠪᠠᠯ ᠱᠠᠭᠠᠷᠳᠠᠭᠳᠠᠬᠤ ᠬᠠᠤᠯᠢ ᠴᠠᠭᠠᠵᠠ ᠶᠢᠨ ᠳᠦᠷᠢᠮ ᠢ ᠪᠦᠷᠢᠨᠰᠢᠭᠦᠯᠵᠦ᠂ ᠮᠠᠨ ᠤ ᠤᠯᠤᠰ ᠤᠨ ᠬᠠᠤᠯᠢ ᠶᠢᠨ ᠬᠦᠷᠢᠶᠡᠨ ᠠᠴᠠ ᠭᠠᠳᠠᠨ᠎ᠠ ᠬᠡᠷᠡᠭᠯᠡᠬᠦ ᠳᠤ ᠲᠣᠬᠢᠷᠠᠬᠤ ᠬᠠᠤᠯᠢ ᠴᠠᠭᠠᠵᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠴᠡᠷᠢᠭ ᠤᠨ ᠶᠠᠪᠤᠳᠠᠯ ᠤᠨ ᠬᠠᠤᠯᠢ ᠲᠣᠭᠲᠠᠭᠠᠯ᠂ ᠬᠢᠨᠠᠨ ᠪᠠᠶᠢᠴᠠᠭᠠᠬᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠰᠢᠰᠲ᠋ᠧᠮ ᠢ ᠪᠦᠭᠦ ᠲᠠᠯ᠎ᠠ ᠪᠠᠷ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠰᠢᠰᠲ᠋ᠧᠮ ᠢ ᠨᠡᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ᠂ ᠨᠢᠭᠡᠳᠦᠯᠲᠡᠢ ᠡᠷᠬᠡ ᠰᠦᠷ ᠲᠠᠢ ᠪᠤᠯᠭᠠᠵᠤ᠂ ᠤᠯᠤᠰ ᠤᠨ ᠬᠠᠤᠯᠢᠵᠢᠯ  ᠤᠨ ᠨᠢᠭᠡᠳᠦᠯ ᠢ ᠬᠠᠮᠠᠭᠠᠯᠠᠬᠤ ᠬᠡᠷᠡᠭᠲᠡᠢ᠃      ᠳᠥᠷᠪᠡᠳᠦᠭᠡᠷ ᠲᠤ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠲᠠᠯᠪᠢᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠬᠠᠤᠯᠢ ᠶᠢᠨ ᠪᠦᠭᠦ ᠲᠠᠯ᠎ᠠ ᠪᠠᠷ ᠬᠡᠷᠡᠭᠵᠢᠭᠦᠯᠦᠭᠳᠡᠬᠦ ᠶᠢ ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠳᠤ᠂ ᠡᠷᠬᠡᠪᠰᠢ ᠦᠨᠳᠦᠰᠦᠨ ᠬᠠᠤᠯᠢ ᠶᠢᠨ ᠲᠣᠭᠲᠠᠭᠠᠯ᠂ ᠦᠨᠳᠦᠰᠦᠨ ᠬᠠᠤᠯᠢ ᠶᠢᠨ ᠵᠠᠷᠴᠢᠮ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ᠂ ᠦᠨᠳᠦᠰᠦᠨ ᠬᠠᠤᠯᠢ ᠶᠢᠨ ᠲᠠᠶᠢᠯᠪᠤᠷᠢᠯᠠᠯᠲᠠ᠂ ᠦᠨᠳᠦᠰᠦᠨ ᠬᠠᠤᠯᠢ ᠶᠢᠨ ᠬᠢᠨᠠᠯᠲᠠ ᠶᠢ ᠰᠢᠰᠲ᠋ᠧᠮ ᠲᠠᠢ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠬᠠᠤᠯᠢᠵᠢᠯ ᠤᠨ ᠬᠡᠷᠡᠭᠵᠢᠭᠦᠯᠦᠯᠲᠡ ᠶᠢᠨ ᠰᠢᠰᠲ᠋ᠧᠮ᠂ ᠬᠠᠤᠯᠢᠵᠢᠯ ᠤᠨ ᠬᠢᠨᠠᠯᠲᠠ ᠶᠢᠨ ᠰᠢᠰᠲ᠋ᠧᠮ᠂ ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠳᠦᠰᠦᠨ ᠬᠠᠤᠯᠢ ᠶᠢᠨ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠰᠢᠭᠤᠳ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠴᠢᠭᠯᠡᠯᠲᠡ ᠶᠢ ᠲᠤᠭᠤᠰᠢᠯᠠᠭᠤᠯᠬᠤ᠂ ᠡᠬᠡ ᠤᠯᠤᠰ ᠤᠨ ᠨᠢᠭᠡᠳᠦᠯ ᠤᠨ ᠠᠬᠢᠴᠠ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠦᠵᠡᠭᠦᠯᠭᠦ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠨᠳᠦᠰᠦᠨ ᠬᠠᠤᠯᠢ ᠶᠢᠨ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠬᠠᠤᠯᠢ ᠶᠢᠨ ᠬᠢᠨᠠᠯᠲᠠ ᠶᠢ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠬᠠᠤᠯᠢ ᠳᠤ ᠨᠡᠶᠢᠴᠡᠭᠦ ᠴᠢᠨᠠᠷ ᠢ ᠬᠢᠨᠠᠨ ᠪᠠᠶᠢᠴᠠᠭᠠᠬᠤ᠂ ᠲᠠᠩᠰᠠᠯᠠᠵᠤ ᠬᠢᠨᠠᠨ ᠪᠠᠶᠢᠴᠠᠭᠠᠬᠤ ᠴᠢᠳᠠᠪᠤᠷᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠬᠠᠤᠯᠢ ᠳᠤ ᠨᠡᠶᠢᠴᠡᠭᠦ ᠴᠢᠨᠠᠷ ᠤᠨ ᠬᠢᠨᠠᠨ ᠪᠠᠶᠢᠴᠠᠭᠠᠬᠤ ᠠᠵᠢᠯ ᠢ ᠠᠬᠢᠭᠤᠯᠵᠤ᠂ ᠦᠨᠳᠦᠰᠦᠨ ᠬᠠᠤᠯᠢ ᠶᠢᠨ ᠲᠠᠶᠢᠯᠪᠤᠷᠢᠯᠠᠯᠲᠠ ᠶᠢᠨ ᠵᠢᠷᠤᠮ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠦᠨᠳᠦᠰᠦᠨ ᠬᠠᠤᠯᠢ ᠳᠤ ᠬᠤᠯᠪᠣᠭᠳᠠᠬᠤ ᠠᠰᠠᠭᠤᠳᠠᠯ ᠤᠨ ᠲᠤᠬᠠᠢ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠭᠦ ᠬᠡᠷᠡᠭᠲᠡᠢ᠃      ᠲᠠᠪᠤᠳᠤᠭᠠᠷ ᠲᠤ᠂ ᠦᠨᠳᠦᠰᠦᠨ ᠬᠠᠤᠯᠢ ᠶᠢᠨ ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠤᠨᠤᠯ ᠪᠠ ᠦᠢᠯᠡᠳᠦᠯᠭᠡ ᠶᠢᠨ ᠢᠲᠡᠭᠡᠭᠦᠯᠭᠦ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠬᠠᠤᠯᠢ ᠶᠢᠨ ᠰᠠᠭᠤᠷᠢ ᠨᠢ ᠠᠷᠠᠳ ᠲᠦᠮᠡᠨ ᠴᠢᠩ ᠰᠡᠳᠬᠢᠯ ᠠᠴᠠ ᠪᠠᠨ ᠬᠦᠷᠢᠶᠡᠯᠡᠬᠦ ᠳᠤ ᠪᠤᠢ᠂ ᠦᠨᠳᠦᠰᠦᠨ ᠬᠠᠤᠯᠢ ᠶᠢᠨ ᠠᠤᠭ᠎ᠠ ᠬᠦᠴᠦᠨ ᠨᠢ ᠠᠷᠠᠳ ᠲᠦᠮᠡᠨ ᠤ ᠴᠢᠩ ᠦᠨᠡᠨᠴᠢ ᠢᠲᠡᠭᠡᠯ ᠪᠢᠰᠢᠷᠡᠯ ᠳᠤ ᠪᠤᠢ᠃ ᠡᠷᠬᠡᠪᠰᠢ ᠤᠬᠠᠭᠤᠯᠭ᠎ᠠ᠂ ᠬᠥᠮᠦᠵᠢᠯ᠂ ᠰᠤᠳᠤᠯᠭᠠᠨ ᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠮᠡᠳᠡᠯᠭᠡ ᠶᠢ ᠲᠦᠭᠡᠮᠡᠯᠵᠢᠭᠦᠯᠬᠦ᠂ ᠤᠨᠤᠯ ᠤᠨ ᠲᠠᠶᠢᠯᠪᠤᠷᠢᠯᠠᠯᠲᠠ ᠬᠢᠬᠦ᠂ ᠣᠶᠢᠯᠠᠭᠠᠭᠳᠠᠬᠤᠨ ᠢᠶᠠᠷ ᠬᠥᠲᠥᠯᠥᠨ ᠵᠢᠯᠤᠭᠤᠳᠴᠤ ᠪᠦᠭᠦ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠬᠥᠮᠥᠰ ᠤᠨ ᠰᠡᠳᠬᠢᠯ ᠳᠤ ᠬᠠᠳᠠᠩᠰᠢᠬᠤ᠂ ᠠᠷᠠᠳ ᠤᠯᠠᠨ ᠤ ᠳᠤᠮᠳᠠ ᠬᠦᠷᠬᠦ ᠶᠢ ᠠᠬᠢᠭᠤᠯᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠦᠭᠦ ᠠᠷᠠᠳ ᠲᠦᠮᠡᠨ ᠤ ᠤᠬᠠᠮᠰᠠᠷᠲᠤ ᠠᠵᠢᠯᠯᠠᠭ᠎ᠠ ᠪᠤᠯᠭᠠᠬᠤ ᠶᠢ ᠠᠬᠢᠭᠤᠯᠬᠤ ᠬᠡᠷᠡᠭᠲᠡᠢ᠃      ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ ᠦᠨᠳᠦᠰᠦᠨ ᠬᠠᠤᠯᠢ ᠳᠤ ᠲᠠᠩᠭᠠᠷᠢᠭᠯᠠᠬᠤ᠂ ᠦᠨᠳᠦᠰᠦᠨ ᠬᠠᠤᠯᠢ ᠶᠢ ᠳᠤᠷᠠᠰᠬᠠᠬᠤ᠂ ᠤᠯᠤᠰ ᠤᠨ ᠪᠡᠯᠭᠡ ᠲᠡᠮᠳᠡᠭ ᠪᠠ ᠰᠢᠨᠵᠢ ᠲᠡᠮᠳᠡᠭ ᠵᠡᠷᠭᠡ ᠳᠦᠷᠢᠮ ᠤᠨ ᠬᠥᠮᠦᠵᠢᠯ ᠤᠨ ᠴᠢᠳᠠᠮᠵᠢ ᠶᠢ ᠭᠦᠨᠵᠡᠭᠡᠶᠢᠷᠡᠭᠦᠯᠵᠦ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠬᠦᠴᠦᠨ ᠲᠠᠢ ᠪᠤᠯᠭᠠᠬᠤ ᠶᠢ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠭᠡᠬᠦ ᠡᠨᠡ ᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ ᠵᠠᠯᠠᠭᠤᠴᠤᠳ ᠪᠠᠭᠠᠴᠤᠳ᠂ ᠰᠦᠯᠵᠢᠶᠡᠨ ᠤ ᠢᠷᠭᠡᠳ ᠵᠡᠷᠭᠡ ᠭᠤᠣᠯᠳᠠᠯᠭ᠎ᠠ ᠲᠠᠢ ᠬᠥᠮᠥᠰ ᠢ ᠠᠳᠬᠤᠵᠤ᠂ ᠦᠨᠳᠦᠰᠦᠨ ᠬᠠᠤᠯᠢ ᠶᠢᠨ ᠳᠤᠷᠠᠰᠬᠠᠯ᠂ ᠦᠨᠳᠦᠰᠦᠨ ᠬᠠᠤᠯᠢ ᠳᠤ ᠲᠠᠩᠭᠠᠷᠢᠭᠯᠠᠬᠤ᠂ ᠦᠨᠳᠦᠰᠦᠨ ᠬᠠᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠴᠢᠶᠠᠯᠠᠪᠤᠷᠢ ᠶᠢ ᠠᠳᠬᠤᠵᠤ᠂ ᠰᠤᠷᠭᠠᠭᠤᠯᠢ᠂ ᠨᠡᠶᠢᠭᠡᠮ ᠲᠣᠭᠤᠷᠢᠭ᠂ ᠵᠠᠭᠤᠴᠢᠯᠠᠭᠤᠷ ᠵᠡᠷᠭᠡ ᠭᠤᠣᠯᠳᠠᠯᠭ᠎ᠠ ᠲᠠᠢ ᠵᠢᠭᠰᠠᠭᠠᠯ ᠤᠨ ᠭᠠᠵᠠᠷ ᠢ ᠠᠳᠬᠤᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ ᠤᠳᠤ ᠦᠶ᠎ᠡ ᠶᠢᠨ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠪᠠ ᠦᠨᠳᠦᠰᠦᠨ ᠬᠠᠤᠯᠢ ᠶᠢᠨ ᠦᠢᠯᠡᠳᠦᠯᠭᠡ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ᠂ ᠤᠤᠭᠠᠯ ᠡᠭᠦᠳᠦᠯᠲᠡ ᠶᠢᠨ ᠴᠢᠨᠠᠷᠲᠠᠢ ᠦᠵᠡᠯᠲᠡ ᠶᠢ ᠪᠣᠯᠪᠠᠰᠤᠷᠠᠭᠤᠯᠤᠨ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠰᠢᠨᠵᠢᠯᠡᠭᠡᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠤᠨᠤᠯ ᠤᠨ ᠮᠠᠨ ᠤ ᠤᠯᠤᠰ ᠤᠨ ᠬᠠᠤᠯᠢᠵᠢᠯ ᠤᠨ ᠬᠥᠮᠦᠵᠢᠯ ᠳᠠᠬᠢ ᠵᠢᠯᠤᠭᠤᠳᠬᠤ ᠪᠠᠶᠢᠷᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢᠨ ᠪᠠᠶᠢᠭᠤᠯᠤᠯ᠂ ᠦᠨᠳᠦᠰᠦᠨ ᠬᠠᠤᠯᠢ ᠶᠢᠨ ᠤᠨᠤᠯ ᠤᠨ ᠢᠯᠡᠳᠲᠡ ᠳᠠᠪᠠᠭᠤᠯᠢᠭ ᠪᠣᠯᠣᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠲᠡᠭᠡᠯ ᠲᠠᠢ᠂ ᠰᠥᠰᠥ ᠵᠣᠷᠢᠭ ᠲᠠᠢ ᠪᠠᠷ ᠤᠬᠠᠭᠤᠯᠵᠤ᠂ ᠳᠤᠮᠳᠠᠳᠤ ᠤᠯᠤᠰ ᠤᠨ ᠦᠨᠳᠦᠰᠦᠨ ᠬᠠᠤᠯᠢ ᠶᠢ ᠭᠠᠵᠢᠭᠤᠳᠠᠭᠤᠯᠤᠭᠰᠠᠨ᠂ ᠭᠦᠳᠬᠡᠭᠰᠡᠨ᠂ ᠳᠠᠭᠠᠷᠢᠬᠰᠠᠨ ᠠᠯᠢᠪᠠ ᠪᠤᠷᠤᠭᠤ ᠦᠭᠡ ᠶᠠᠷᠢᠶ᠎ᠠ ᠦᠢᠯᠡ ᠠᠵᠢᠯᠯᠠᠭ᠎ᠠ ᠲᠠᠢ ᠵᠣᠷᠢᠭᠲᠠᠢ ᠪᠠᠷ ᠲᠡᠮᠡᠴᠡᠯ ᠬᠢᠬᠦ ᠬᠡᠷᠡᠭᠲᠡᠢ᠃      ᠮᠠᠤ ᠽᠧ ᠳ᠋ᠦᠩ ᠨᠥᠬᠦᠷ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠦᠨᠳᠦᠰᠦᠨ ᠬᠠᠤᠯᠢ ᠶᠢ ᠤᠳᠤᠷᠢᠳᠤᠨ ᠲᠣᠭᠲᠠᠭᠠᠬᠤ ᠳᠠᠭᠠᠨ᠄ ︽ᠪᠢᠳᠠ ᠤᠳᠦ ᠪᠦᠭᠦ ᠤᠯᠤᠰ ᠤᠨ ᠠᠷᠠᠳ ᠲᠦᠮᠡᠨ ᠲᠠᠢ ᠪᠦᠯᠬᠦᠮᠳᠡᠵᠦ᠂ ᠪᠦᠯᠬᠦᠮᠳᠡᠵᠦ ᠪᠤᠯᠬᠤ ᠪᠠ ᠪᠦᠯᠬᠦᠮᠳᠡᠬᠦ ᠶᠣᠰᠣᠲᠠᠢ ᠬᠦᠴᠦᠨ ᠪᠦᠭᠦᠠ ᠲᠠᠢ ᠪᠦᠯᠬᠦᠮᠳᠡᠵᠦ᠂ ᠠᠭᠤᠤ ᠶᠡᠭᠡ ᠨᠡᠶᠢᠭᠡᠮ ᠵᠢᠷᠤᠮᠲᠤ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠲᠡᠮᠡᠴᠡᠬᠦ ᠬᠡᠷᠡᠭᠲᠡᠢ᠃ ᠡᠨᠡ ᠦᠨᠳᠦᠰᠦᠨ ᠬᠠᠤᠯᠢ ᠶᠢ ᠶᠠᠭ ᠡᠨᠡ ᠵᠣᠷᠢᠯᠭ᠎ᠠ ᠠᠴᠠ ᠪᠢᠴᠢᠭᠰᠡᠨ ᠶᠤᠮ︾ ᠭᠡᠵᠦ ᠬᠡᠯᠡᠪᠡ᠃ ᠪᠢᠳᠠ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ︕
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1