12 ᠰᠠᠷ᠎ᠠ ᠶᠢᠨ 21 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠷᠢᠯᠭ᠎ᠠ ᠪᠠᠷ ᠳᠤᠮᠳᠠᠳᠤ ᠤᠯᠤᠰ ᠲᠤ ᠠᠶᠢᠯᠴᠢᠯᠠᠬᠤ ᠪᠠᠷ ᠢᠷᠡᠭᠰᠡᠨ ᠤᠷᠤᠰ ᠤᠨ ᠨᠢᠭᠡᠳᠦᠭᠰᠡᠨ ᠤᠷᠤᠰ ᠨᠠᠮ ᠤᠨ | ᠲᠡᠷᠢᠭᠦᠯᠡᠭᠴᠢ ᠮᠧᠳ᠋ᠸᠧᠢᠵᠢᠶᠧᠹ ᠲᠠᠢ ᠠᠭᠤᠯᠵᠠᠪᠠ᠃ | ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠳᠤ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ | ᠳᠡᠪᠰᠢᠭᠦᠯᠵᠦ ᠪᠠᠶᠢᠬᠤ ᠶᠢ ᠳᠠᠮᠵᠢᠭᠤᠯᠬᠤ ᠪᠣᠯᠪᠠᠤ ᠭᠡᠵᠦ ᠮᠧᠳ᠋ᠸᠧᠢᠵᠢᠶᠧᠹ ᠲᠤ ᠨᠠᠶᠢᠳᠠᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ | ᠲᠣᠳᠣᠷᠬᠠᠶᠢᠯᠠᠪᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ | ᠪᠥᠭᠡᠳ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠨᠡᠩ ᠤᠯᠠᠨ ᠠᠵᠠ ᠲᠣᠭᠢᠶᠠᠯ ᠬᠠᠩᠭᠠᠬᠤ ᠳᠤ | ᠵᠣᠷᠢᠭ ᠲᠡᠭᠦᠯᠳᠡᠷ᠂ ᠢᠲᠡᠭᠡᠯ ᠳᠦᠭᠦᠷᠡᠩ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠨᠢᠭᠡᠳᠦᠭᠰᠡᠨ | ᠣᠷᠣᠰ ᠨᠠᠮ ᠣᠷᠳᠣ ᠬᠤᠭᠤᠴᠠᠭ᠎ᠠ ᠪᠠᠷ ᠲᠣᠭᠲᠠᠴᠠ ᠶᠢᠨ ᠴᠢᠨᠠᠷᠲᠠᠢ ᠶᠠᠪᠤᠯᠴᠠᠭ᠎ᠠ ᠥᠷᠨᠢᠭᠦᠯᠵᠦ᠂ ᠳᠤᠮᠳᠠᠳᠤ ᠣᠷᠣᠰ ᠤᠨ | ᠤᠯᠤᠰ ᠲᠥᠷᠥ ᠶᠢᠨ ᠢᠲᠡᠭᠡᠯᠴᠡᠭᠡ ᠶᠢ ᠪᠠᠬᠢᠵᠢᠭᠦᠯᠬᠦ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠠᠬᠢᠭᠤᠯᠬᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠢᠯᠡᠷᠡᠭᠦᠯᠭᠦ ᠥᠪᠡᠷᠮᠢᠴᠡ ᠠᠷᠭ᠎ᠠ ᠵᠠᠮ | ᠪᠠ ᠲᠠᠪᠴᠠᠩ ᠪᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ | ᠠᠶᠠᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠣᠳᠣᠬᠠᠨ ᠳᠤ᠂ ᠳᠤᠮᠳᠠᠳᠤ ᠣᠷᠣᠰ ᠤᠨ ᠲᠥᠷᠥ ᠪᠠᠷᠢᠭᠴᠢ | ᠨᠠᠮ ᠤᠨ ᠶᠠᠪᠤᠯᠴᠠᠭ᠎ᠠ ︽ᠭᠤᠷᠪᠠᠳᠠᠭᠢ 10 ᠵᠢᠯ︾ ᠳᠤ ᠣᠷᠣᠵᠤ ᠪᠠᠶᠢᠨ᠎ᠠ᠃ ᠬᠤᠶᠠᠷ ᠨᠠᠮ ᠦᠷᠭᠦᠯᠵᠢᠯᠡᠨ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠲᠣᠭᠤᠷᠢᠨ ᠳᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠶᠢ ᠠᠬᠢᠭᠤᠯᠵᠤ᠂ ᠲᠦᠷᠦ ᠶᠢᠨ ᠨᠠᠮ ᠤᠨ ᠳᠡᠯᠡᠬᠡᠢ ᠳ᠋ᠠᠬᠢᠨ ᠤ ᠤᠯᠠᠨ ᠲᠠᠯᠠᠲᠤ ᠬᠠᠮᠲᠤᠷᠠᠯᠴᠠᠭ᠎ᠠ ᠶᠢ ᠠᠬᠢᠭᠤᠯᠬᠤ | ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠲᠤᠬᠠᠢ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠡᠷᠭᠦᠭᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠥᠩᠭᠡᠷᠡᠭᠰᠡᠨ 10 ᠵᠢᠯ ᠳᠤ᠂ ᠳᠤᠮᠳᠠᠳᠤ ᠤᠷᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ | ᠬᠥᠷᠪᠡᠭᠡᠨ ᠤ ᠰᠢᠯᠭᠠᠯᠲᠠ ᠶᠢ ᠳᠠᠭᠠᠭᠠᠵᠤ᠂ ᠢᠮᠠᠭᠲᠠ ᠡᠷᠡᠭᠦᠯ ᠲᠣᠭᠲᠠᠭᠤᠨ ᠥᠨᠳᠥᠷ ᠲᠦᠪᠰᠢᠨ ᠲᠠᠢ ᠪᠠᠷ ᠬᠥᠭᠵᠢᠪᠡ᠃ | ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠣᠯ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠤᠯᠤᠰ ᠤᠨ ᠪᠠᠶᠢᠳᠠᠯ ᠳᠠᠭᠠᠨ | ᠰᠠᠭᠤᠷᠢᠯᠠᠵᠤ ᠭᠠᠷᠭᠠᠭᠰᠠᠨ ᠠᠯᠤᠰ ᠭᠡᠳᠦ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠳᠤᠮᠳᠠᠳᠤ ᠤᠯᠤᠰ | ᠳᠤᠷᠠᠲᠠᠶ᠎ᠠ ᠤᠷᠤᠰ ᠤᠨ ᠬᠢᠨ ᠲᠠᠢ ᠬᠠᠮᠲᠤ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢ | ᠲᠠᠰᠤᠷᠠᠯᠳᠠ ᠦᠭᠡᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ | ᠲᠡᠶᠢᠰᠢ ᠭᠦᠭᠵᠢᠭᠦ ᠶᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠠᠰᠠᠭᠤᠳᠠᠯ ᠳᠡᠭᠡᠷ᠎ᠡ᠂ ᠳᠤᠮᠳᠠᠳᠤ ᠤᠯᠤᠰ ᠢᠮᠠᠭᠲᠠ ᠤᠴᠢᠷ | ᠶᠠᠪᠤᠳᠠᠯ ᠤᠨ ᠲᠤᠰ ᠪᠡᠶ᠎ᠡ ᠶᠢᠨ ᠬᠢᠨᠢ ᠵᠥᠪ ᠪᠤᠷᠤᠭᠤ ᠶᠢ ᠦᠨᠳᠦᠰᠦᠯᠡᠵᠦ ᠥᠪᠡᠷ ᠤᠨ ᠵᠣᠭᠰᠣᠯᠲᠠ ᠪᠣᠯᠣᠨ ᠲᠦᠷᠦ ᠶᠢᠨ | ᠪᠣᠳᠣᠯᠭ᠎ᠠ ᠪᠠᠨ ᠲᠣᠭᠲᠠᠭᠠᠵᠤ᠂ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠵᠤ᠂ ᠢᠳᠡᠪᠬᠢᠲᠡᠢ ᠪᠠᠷ ᠢᠳᠬᠠᠨ | ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠪᠠ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤᠬᠠᠭᠠᠯᠢᠭ ᠬᠦᠯᠢᠴᠡᠩᠭᠦᠢ | ᠪᠠᠶᠢᠵᠤ᠂ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠵᠦ᠂ ᠤᠯᠤᠰ ᠲᠦᠷᠦ ᠶᠢᠨ ᠠᠷᠭ᠎ᠠ ᠭᠡᠯᠪᠡᠷᠢ ᠪᠠᠷ ᠠᠮᠤᠷ ᠲᠦᠪᠰᠢᠨ ᠤ | ᠬᠦᠷᠢᠶᠡᠨ ᠳᠠᠬᠢ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠢ᠃ | ᠮᠧᠳ᠋ᠸᠧᠢᠵᠢᠶᠧᠹ ᠡᠩ ᠲᠡᠷᠢᠭᠦᠨ ᠳᠤ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠢᠯᠡᠭᠡᠭᠰᠡᠨ | ᠨᠡᠷ᠎ᠡ ᠬᠠᠲᠠᠭᠰᠠᠨ ᠵᠠᠬᠢᠳᠠᠯ ᠢ ᠳᠠᠮᠵᠢᠭᠤᠯᠵᠤ᠂ ᠫᠦᠲ᠋ᠢᠨ ᠤ ᠰᠢ ᠶᠢᠨ ᠫᠢᠩ ᠳᠤ ᠳᠡᠪᠰᠢᠭᠦᠯᠦᠭᠰᠡᠨ ᠨᠥᠭᠦᠷᠰᠡᠭ ᠮᠡᠨᠳᠦᠴᠢᠯᠡᠯ | ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃ ᠮᠧᠳ᠋ᠸᠧᠢᠵᠢᠶᠧᠹ ᠰᠢ ᠶᠢᠨ ᠫᠢᠩ ᠤᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ | ᠣᠯᠣᠭᠰᠠᠨ ᠳᠤ ᠪᠠᠶᠠᠷ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠢ ᠤᠳᠤᠷᠢᠳᠤᠨ ᠨᠡᠩ | ᠶᠡᠭᠡ ᠬᠥᠭᠵᠢᠯᠲᠡ ᠣᠯᠵᠤ 14 ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠢᠶᠠᠷ | ᠪᠠᠷᠠᠬᠤ ᠦᠭᠡᠢ᠂ ᠪᠦᠭᠦ ᠳᠡᠯᠡᠬᠡᠢ ᠳᠤ ᠴᠦ ᠭᠦᠨ ᠭᠦᠨᠵᠡᠭᠡᠢ ᠤᠳᠬ᠎ᠠ ᠠᠭᠤᠯᠭ᠎ᠠ ᠲᠠᠢ ᠶᠤᠮ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠢᠲᠡᠭᠡᠵᠦ ᠪᠠᠶᠢᠨ᠎ᠠ᠃ ᠨᠢᠭᠡᠳᠦᠭᠰᠡᠨ ᠤᠷᠤᠰ ᠨᠠᠮ ᠪᠣᠯᠣᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠮᠲᠤᠷᠠᠯᠴᠠᠭ᠎ᠠ ᠪᠣᠯ ᠤᠷᠤᠰ ᠳᠤᠮᠳᠠᠳᠤ ᠶᠢᠨ ᠬᠤᠶᠠᠷ ᠤᠯᠤᠰ ᠤᠨ ᠬᠠᠷᠢᠯᠴᠠᠭᠠᠨ ᠤ | ᠴᠢᠬᠤᠯᠠ ᠪᠦᠷᠢᠯᠳᠦᠭᠦᠨ ᠬᠡᠰᠡᠭ ᠮᠥᠨ᠃ ᠣᠶᠢᠷ᠎ᠠ ᠶᠢᠨ ᠵᠢᠯ ᠠᠴᠠ ᠬᠤᠶᠠᠷ ᠨᠠᠮ ᠤᠨ ᠬᠠᠷᠢᠯᠴᠠᠭ᠎ᠠ ᠥᠨᠳᠥᠷ ᠲᠦᠪᠰᠢᠨ | ᠪᠦᠬᠦᠢ ᠬᠥᠭᠵᠢᠯᠲᠡ ᠪᠠᠨ ᠪᠠᠲᠤᠯᠠᠵᠤ᠂ ᠬᠤᠶᠠᠷ ᠲᠠᠯ᠎ᠠ ᠪᠠᠷ ᠢᠶᠠᠨ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ | ᠥᠷᠨᠢᠭᠦᠯᠪᠡ᠃ ᠨᠢᠭᠡᠳᠦᠭᠰᠡᠨ ᠤᠷᠤᠰ ᠨᠠᠮ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ᠂ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠠᠵᠤ | ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠢᠳᠡᠪᠬᠢᠲᠡᠢ | ᠠᠬᠢᠭᠤᠯᠵᠤ᠂ ᠭᠠᠳᠠᠭᠠᠳᠤ ᠶᠢᠨ ᠡᠯ᠎ᠡ ᠵᠦᠢᠯ ᠤᠨ ᠳᠠᠷᠤᠯᠲᠠ ᠪᠣᠯᠣᠨ ᠭᠤᠣᠯᠴᠢ ᠪᠤᠰᠤ ᠠᠷᠭ᠎ᠠ ᠬᠡᠮᠵᠢᠶ᠎ᠡ ᠶᠢ ᠬᠠᠮᠲᠤ ᠪᠠᠷ | ᠡᠰᠡᠷᠭᠦᠴᠡᠵᠦ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ | ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠦᠺᠷᠠᠶᠢᠨ ᠤ ᠬᠢᠮᠤᠷᠠᠯ ᠭᠠᠷᠤᠭᠰᠠᠨ ᠨᠢ ᠮᠠᠰᠢ | ᠪᠤᠳᠤᠯᠢᠶᠠᠨᠲᠠᠢ ᠰᠢᠯᠲᠠᠭᠠᠨ ᠲᠠᠢ ᠶᠤᠮ᠂ ᠣᠷᠣᠰ ᠳᠤᠷᠠᠲᠠᠶ᠎ᠠ ᠨᠠᠶᠢᠷᠠᠮᠳᠠᠯ ᠤᠨ ᠬᠡᠯᠡᠯᠴᠡᠭᠡ ᠪᠠᠷ ᠳᠠᠮᠵᠢᠨ ᠲᠤᠯᠭᠠᠷᠠᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠨ᠎ᠡ ᠭᠡᠵᠦ ᠢᠯᠡᠳᠬᠡᠵᠡᠢ᠃ | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠪᠤᠰᠤᠳ | ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ |