ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠬᠤᠷᠠᠯ ᠥᠷᠨᠢᠭᠦᠯᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠪᠠ
ᠨᠡᠶᠢᠲᠡᠯᠡᠭᠰᠡᠨ ᠴᠠᠭ᠄
2022/12/6
      ᠣᠶᠢᠷ᠎ᠠ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠣᠳᠣᠬᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠭᠡᠷ ᠲᠡᠭᠡᠨ ᠠᠵᠢᠯᠯᠠᠬᠤ ᠴᠢᠬᠤᠯᠠᠲᠠᠢ ᠪᠠᠶᠢᠭ᠎ᠠ ᠪᠣᠳᠠᠲᠠᠢ ᠪᠠᠶᠢᠳᠠᠯ‌‍ᠲ᠋ᠠᠶ ᠤᠶᠠᠯᠳᠤᠭᠤᠯᠤᠨ᠂ ᠪᠠᠶᠢᠭᠤᠯᠭ᠎ᠠ ᠶᠢᠨ ᠪᠥᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠬᠤᠷᠠᠯ ᠤᠨ ᠵᠠᠭᠪᠤᠷ ᠢ ᠡᠬᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠪᠠ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠪᠦᠬᠦ ᠠᠭᠤᠯᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ‌‍ᠦᠨ ᠶᠡᠭᠡ ᠬᠤᠷᠠᠯ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾ ᠤᠨ ᠲᠤᠬᠠᠢ ᠰᠢᠢᠳᠪᠦᠷᠢ ᠵᠡᠷᠭᠡ ᠬᠠᠮᠢᠶ᠎ᠠ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃ ᠶᠡᠭᠡ ᠬᠤᠷᠠᠯ ᠠᠴᠠ ᠠᠯᠢ ᠤᠯᠠᠨ ᠰᠢᠨ᠎ᠡ ᠴᠢᠬᠤᠯᠠ ᠨᠤᠲᠠᠯᠠᠯᠲᠠ ᠶᠢ ᠳᠤᠷᠠᠳᠴᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ‌‍ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠲᠤᠶᠢᠯ ᠤᠨ ᠴᠢᠬᠤᠯᠠ ᠵᠢᠯᠤᠭᠤᠳᠬᠤ ᠪᠠ ᠪᠠᠲᠤᠯᠠᠬᠤ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠳᠤ᠂ ᠮᠠᠨ ᠤ ᠨᠠᠮ ᠤᠨ ᠭᠤᠣᠯᠯᠠᠭᠴᠢ ᠠᠤᠭ᠎ᠠ ᠬᠦᠴᠦᠨ᠂ ᠤᠨᠤᠯ ᠤᠨ ᠠᠤᠭ᠎ᠠ ᠬᠦᠴᠦᠨ᠂ ᠡᠭᠦᠳᠦᠨ ᠪᠦᠲᠦᠭᠡᠬᠦ ᠠᠤᠭ᠎ᠠ ᠬᠦᠴᠦᠨ᠂ ᠵᠣᠷᠢᠯᠲᠠ ᠶᠢᠨ ᠠᠤᠭ᠎ᠠ ᠬᠦᠴᠦᠨ᠂ ᠲᠡᠮᠡᠴᠡᠯ ᠤᠨ ᠠᠤᠭ᠎ᠠ ᠬᠦᠴᠦᠨ ᠢ ᠢᠯᠡᠷᠡᠭᠦᠯᠵᠦ᠂ ᠲᠤᠶᠢᠯ ᠤᠨ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠣᠨᠣᠯᠴᠢ ᠴᠢᠨᠠᠷ᠂ ᠦᠢᠯᠡᠳᠦᠯᠭᠡᠲᠦ ᠴᠢᠨᠠᠷ ᠲᠠᠢ ᠶᠤᠮ᠂ ᠢᠯᠠᠩᠭᠤᠶ᠎ᠠ ᠢᠯᠡᠳᠬᠡᠯ ᠳᠤ ︽ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ︾ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠤᠷᠤᠭᠰᠢᠯᠠᠯᠲᠠ‌‍ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠣᠯᠣᠨ ᠪᠠᠶᠢᠭᠤᠯᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠨᠢᠭᠡ ᠳᠠᠪᠬᠤᠷᠭ᠎ᠠ ᠭᠦᠨᠵᠡᠭᠡᠢ ᠰᠤᠷᠤᠯᠴᠠᠬᠤ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠵᠤ᠂ ᠬᠤᠷᠠᠯ ᠤᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠢ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠠᠮᠲᠤ ᠪᠠᠷ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠬᠤᠪᠢ ᠬᠥᠮᠥᠨ ᠥᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠬᠢᠨᠠᠮᠠᠭᠠᠢ ᠰᠤᠷᠤᠯᠴᠠᠨ ᠰᠤᠳᠤᠯᠤᠨ ᠤᠩᠰᠢᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠠᠵᠢᠯ ᠢᠶᠠᠨ ᠲᠦᠯᠬᠢᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1