ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠦᠬᠦ ᠰᠢᠶᠠᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠬᠤ ᠬᠤᠷᠠᠯ  ᠢ ᠡᠷᠬᠢᠯᠡᠨ ᠬᠤᠷᠠᠯᠳᠤᠭᠤᠯᠬᠤ  ᠶᠢᠨ ᠬᠠᠮᠲᠤ ᠰᠥᠨᠢ ᠪᠠᠷ ᠬᠤᠷᠢᠶᠠᠯᠠᠯ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠪᠠᠶᠢᠴᠠᠭᠠᠵᠤ ᠨᠢᠭᠤᠴᠠ ᠰᠤᠷᠪᠤᠯᠵᠢᠯᠠᠪᠠ
ᠨᠡᠶᠢᠲᠡᠯᠡᠭᠰᠡᠨ ᠴᠠᠭ᠄
2022/2/21
      2 ᠳ᠋ᠤᠭᠠᠷ ᠰᠠᠷ᠎ᠠ ᠶᠢᠨ 19 ᠤ ᠡᠳᠦᠷ ᠤᠨ ᠣᠷᠣᠢ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠤ ᠬᠠᠮᠲᠤ ᠬᠤᠷᠢᠶᠠᠯᠠᠯ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠰᠥᠨᠢ ᠪᠠᠷ ᠪᠠᠶᠢᠴᠠᠭᠠᠵᠤ᠂ ᠴᠠᠯᠠᠭᠠᠶᠢᠷᠠᠬᠤ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠴᠠᠭ ᠢᠮᠠᠭᠲᠠ ᠲᠠᠶᠢᠴᠢᠨ ᠪᠠᠶᠢᠳᠠᠯ ᠢᠶᠠᠨ ᠪᠠᠲᠤᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠪᠠᠯᠠᠢ ᠭᠠᠵᠠᠷ ᠪᠠᠶᠢᠬᠤ ᠦᠭᠡᠢ᠂ ᠥᠨᠴᠥᠭ ᠪᠤᠯᠤᠩ ᠪᠠᠶᠢᠬᠤ ᠦᠭᠡᠢ᠂ ᠪᠦᠬᠦᠨ ᠢ ᠬᠠᠮᠤᠷᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢ ᠴᠦᠨ ᠶᠠᠨ ᠴᠢᠬᠤᠯᠠᠴᠢᠯᠠᠭᠰᠠᠨ ᠨᠢ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠢᠨ ᠨᠢᠭᠡᠳᠦᠯᠲᠡᠢ ᠤᠳᠤᠷᠢᠳᠬᠤ᠂ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠤ᠂ ᠵᠢᠯᠤᠭᠤᠳᠬᠤ ᠭᠠᠵᠠᠷ ᠤᠨ ᠨᠡᠶᠢᠲᠡᠯᠡᠭᠰᠡᠨ ᠵᠢᠭᠠᠪᠤᠷᠢ ᠶᠢ ᠡᠯ᠎ᠡ ᠬᠦᠷᠢᠶᠡᠯᠡᠩ ᠲᠣᠭᠤᠷᠢᠭ᠂ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠦᠷᠭᠡᠨ ᠬᠥᠳᠡᠯᠦᠯᠴᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠪᠦᠬᠦ ᠲᠠᠯ᠎ᠠ ᠪᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠪᠣᠯᠣᠨ ᠡᠯ᠎ᠡ ᠠᠵᠢᠯᠯᠠᠬᠤ ᠳᠤᠭᠤᠶᠢᠯᠠᠩ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠢ ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ ᠬᠠᠷᠢᠯᠴᠠᠨ ᠬᠠᠮᠵᠢᠯᠴᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠷᠢᠯᠴᠠᠨ ᠬᠠᠮᠵᠢᠯᠴᠠᠵᠤ᠂ ᠬᠠᠷᠢᠯᠴᠠᠨ ᠲᠡᠮᠵᠢᠵᠦ᠂ ᠬᠠᠷᠢᠯᠴᠠᠨ ᠵᠣᠬᠢᠴᠠᠭᠤᠯᠵᠤ᠂ ᠡᠭᠦᠷᠭᠡ ᠪᠠᠨ ᠬᠠᠮᠲᠤᠪᠠᠷ ᠪᠡᠶᠡᠯᠡᠭᠦᠯᠬᠦ ᠬᠡᠷᠡᠭᠲᠡᠢ᠃ ᠡᠯ᠎ᠡ ᠬᠤᠷᠢᠶᠠᠯᠠᠯ ᠢ ᠴᠢᠩᠭ᠎ᠠ ᠬᠠᠮᠢᠶᠠᠷᠤᠨ ᠡᠵᠡᠮᠳᠡᠵᠦ᠂ ᠬᠠᠮᠢᠶᠠᠷᠤᠨ ᠡᠵᠡᠮᠳᠡᠬᠦ ᠲᠥᠰᠥᠯ ᠢ ᠦᠨᠳᠦᠰᠦᠯᠡᠨ ᠺᠣᠳ᠋ ᠰᠢᠷᠪᠢᠵᠦ ᠳᠤᠯᠠᠭᠠᠨ ᠬᠡᠮᠵᠢᠬᠦ ᠳᠠᠩᠰᠠᠯᠠᠯᠲᠠ ᠵᠡᠷᠭᠡ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠤᠷᠢᠶᠠᠯᠠᠯ ᠨᠢᠭᠡᠪᠦᠷᠢ ᠴᠥᠮ ᠲᠤᠰᠬᠠᠢ ᠠᠩᠭᠢ ᠪᠠᠶᠢᠭᠤᠯᠤᠨ᠂ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠰᠢᠰᠲ᠋ᠧᠮ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠬᠠᠷᠠᠭᠤᠯ ᠤᠨ ᠦᠢᠯᠡᠳᠦᠯ ᠢ ᠪᠠᠳᠠᠷᠠᠭᠤᠯᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠢ ᠪᠠᠲᠤᠯᠠᠬᠤ ᠮᠥᠷᠲᠡᠭᠡᠨ ᠰᠠᠭᠠᠳ ᠦᠭᠡᠢ ᠨᠡᠪᠲᠡᠷᠡᠬᠦ ᠶᠢ ᠴᠦ ᠪᠠᠲᠤᠯᠠᠬᠤ ᠬᠡᠷᠡᠭᠲᠡᠢ᠃      ᠯᠢ ᠴᠦᠨ ᠶᠠᠨ ᠴᠢᠬᠤᠯᠠᠴᠢᠯᠠᠭᠰᠠᠨ ᠨᠢ᠂ ᠲᠤᠰᠠᠭᠠᠷᠯᠠᠬᠤ ᠪᠠᠭᠤᠳᠠᠯ ᠨᠢ ᠠᠵᠢᠯᠲᠠᠨ   ᠢ ᠵᠢᠷᠤᠮᠵᠢᠭᠤᠯᠤᠨ ᠠᠵᠢᠯᠯᠠᠭᠤᠯᠬᠤ᠂ ᠠᠯᠬᠤᠮ ᠳᠠᠷᠠᠭ᠎ᠠ   ᠶᠢ ᠪᠣᠳᠠᠲᠠᠢ ᠪᠠᠷ ᠬᠡᠷᠡᠭᠵᠢᠭᠦᠯᠬᠦ   ᠶᠢ ᠦᠨᠡᠨᠬᠦ ᠪᠠᠲᠤᠯᠠᠵᠤ᠂ ᠠᠵᠢᠯᠲᠠᠳ ᠢ ᠨᠠᠷᠢᠨ ᠨᠢᠮᠪᠠᠢ ᠴᠢᠭ ᠠᠴᠠ ᠴᠢᠭ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠪᠠᠭᠤᠳᠠᠯ ᠢ ᠲᠤᠰᠠᠭᠠᠷᠯᠠᠬᠤ ᠪᠡᠯᠡᠳᠬᠡᠯ ᠠᠵᠢᠯ ᠢ ᠰᠠᠢᠲᠤᠷ ᠬᠢᠵᠦ᠂ ᠴᠠᠭ ᠢᠮᠠᠭᠳᠠ ᠡᠬᠢᠯᠡᠵᠦ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠡᠮᠨᠡᠯᠭᠡ ᠳᠤ ᠬᠡᠷᠡᠭᠯᠡᠬᠦ ᠡᠳ᠋ ᠪᠣᠳᠠᠰ᠂ ᠠᠮᠢᠳᠤᠷᠠᠯ ᠤᠨ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠬᠠᠩᠭᠠᠯᠭ᠎ᠠ ᠶᠢᠨ ᠭᠦᠢᠴᠡᠳ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠵᠢᠯᠤᠭᠤᠳᠬᠤ ᠭᠠᠵᠠᠷ᠂ ᠡᠯ᠎ᠡ ᠲᠤᠰᠬᠠᠢ ᠵᠦᠢᠯ ᠤᠨ ᠳᠤᠭᠤᠶᠢᠯᠠᠩ ᠤᠨ ᠠᠵᠢᠯᠲᠠᠨ ᠪᠠ ᠨᠢᠭᠡᠳᠦᠭᠡᠷ ᠹᠷᠣᠨᠲ ᠤᠨ ᠠᠵᠢᠯᠲᠠᠨ ᠠᠵᠢᠯᠯᠠᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠴᠢᠩᠭ᠎ᠠ ᠰᠠᠶᠢᠲᠤᠷ ᠬᠢᠵᠦ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠪᠠ ᠵᠥᠪ ᠲᠠᠯ᠎ᠠ   ᠠᠴᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠨᠢ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠬᠠᠮᠲᠤᠪᠠᠷ ᠰᠡᠷᠭᠡᠶᠢᠯᠡᠬᠦ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃      ᠬᠤᠷᠠᠯ ᠤᠨ ᠳᠠᠷᠠᠭ᠎ᠠ᠂ ᠯᠢ ᠴᠦᠨ ᠶᠠᠨ ︽ᠳᠥᠷᠪᠡᠨ ᠦᠭᠡᠢ ᠬᠤᠶᠠᠷ ᠰᠢᠯᠤᠭᠤᠨ︾ ᠬᠡᠯᠪᠡᠷᠢ ᠪᠠᠷ ᠤᠷᠢᠳ ᠬᠤᠵᠢᠳ‌ᠮᠸᠢ ᠬᠤᠤ ᠬᠤᠷᠢᠶᠠᠯᠠᠯ᠂ ᠸᠠᠨ ᠰᠢᠶᠠᠩ ᠰᠢᠨ ᠲᠢᠶᠠᠨ ᠳ᠋ᠢ ᠬᠤᠷᠢᠶᠠᠯᠠᠯ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠢᠶᠠᠯᠠᠯ ᠳᠤ ᠬᠦᠷᠴᠦ᠂ ᠰᠠᠭᠤᠭᠠᠯᠢ ᠠᠷᠠᠳ ᠤᠨ ᠬᠤᠷᠢᠶᠠᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠪᠠᠶᠢᠴᠠᠭᠠᠭᠰᠠᠨ ᠪᠥᠭᠡᠳ ᠡᠮᠦᠨ᠎ᠡ ᠹᠷᠣᠨᠲ ᠤᠨ ᠺᠠᠳ᠋ᠷ ᠠᠵᠢᠯᠲᠠᠨ ᠠᠵᠢᠯᠴᠢᠨ᠂ ᠵᠢᠵᠢᠭᠦᠷᠯᠡᠬᠦ ᠭᠠᠵᠠᠷ ᠤᠨ ᠠᠵᠢᠯᠲᠠᠳ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃      ︽ᠪᠢᠳᠡ ᠰᠢᠶᠠᠨ ᠤ ᠵᠢᠯᠤᠭᠤᠳᠬᠤ ᠭᠠᠵᠠᠷ ᠤᠨ ᠨᠢᠭᠡᠳᠦᠯᠲᠡᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠬᠥᠮᠥᠰ ᠤᠨ ᠨᠣᠮᠧᠷ ᠰᠢᠷᠪᠢᠵᠦ᠂ ᠪᠡᠶ᠎ᠡ ᠶᠢᠨ ᠳᠤᠯᠠᠭᠠᠨ ᠢ ᠬᠡᠮᠵᠢᠵᠦ᠂ ᠰᠡᠷᠭᠡᠶᠢᠯᠡᠨ ᠬᠠᠮᠠᠭᠠᠯᠠᠬᠤ ᠶᠢ ᠰᠠᠨᠠᠭᠤᠯᠵᠤ ᠪᠠᠶᠢᠨ᠎ᠠ ᠁ ᠪᠢᠳᠡ ᠳᠤᠯᠠᠭᠠᠨ ᠤ ᠬᠡᠮᠵᠢᠭᠦᠷᠯᠢᠭ᠂ ᠠᠷᠢᠭᠤᠳᠬᠠᠬᠤ ᠰᠢᠩᠭᠡᠨ᠂ ᠤᠬᠠᠭᠤᠯᠭ᠎ᠠ ᠶᠢᠨ ᠬᠠᠭᠤᠳᠠᠰᠤ᠂ ᠮᠠᠶᠢᠬᠠᠨ᠂ ᠬᠥᠨᠵᠢᠯᠡ ᠳᠡᠪᠢᠰᠬᠡᠷ ᠵᠡᠷᠭᠡ ᠶᠢ ᠪᠦᠷᠢᠨ ᠲᠣᠬᠢᠷᠠᠭᠤᠯᠵᠤ᠂ ᠭᠠᠵᠠᠷ ᠰᠢᠷᠣᠢ ᠪᠠᠨ ᠰᠠᠬᠢᠨ ᠬᠠᠮᠠᠭᠠᠯᠠᠵᠤ ᠬᠠᠷᠢᠭᠤᠴᠠᠯᠭ᠎ᠠ ᠪᠠᠨ ᠭᠦᠢᠴᠡᠳᠬᠡᠨ᠎ᠡ ᠁︾ ᠲᠤᠰ ᠡᠳᠦᠷ ᠤᠨ ᠣᠷᠣᠢ ᠶᠢᠨ ᠠᠷᠪᠠᠨ ᠴᠠᠭ ᠲᠤ᠂ ᠸᠠᠨ ᠰᠢᠶᠠᠩ ᠰᠢᠨ ᠲᠢᠶᠠᠨ ᠳ᠋ᠢ ᠰᠠᠭᠤᠭᠠᠯᠢ ᠠᠷᠠᠳ ᠤᠨ ᠬᠤᠷᠢᠶᠠᠯᠠᠯ ᠤᠨ ᠡᠭᠦᠳᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠺᠠᠷᠲ ᠤᠨ ᠴᠢᠭ ᠲᠤ᠂  ᠨᠢᠭᠡᠴᠢ ᠶᠢᠨ ᠠᠵᠢᠯᠲᠠᠳ ᠲᠠᠢ ᠬᠤᠯᠪᠤᠭᠠᠯᠠᠨ ᠠᠵᠢᠯ ᠤᠨ ᠪᠠᠶᠢᠳᠠᠯ ᠢᠶᠠᠨ ᠨᠠᠷᠢᠨ ᠨᠢᠭᠲᠠ ᠬᠠᠷᠢᠭᠤ ᠮᠡᠳᠡᠭᠦᠯᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1