ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶᠢᠵᠢᠭᠤᠯᠵᠤ ᠰᠤᠷᠭᠠᠭᠤᠯᠢ ᠡᠬᠢᠯᠡᠬᠦ ᠪᠡᠯᠡᠳᠬᠡᠯ ᠢ ᠰᠠᠶᠢᠲᠤᠷ ᠬᠢᠵᠦ᠂  ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠡᠷᠡᠭᠦᠯ ᠡᠩᠬᠡ ᠬᠢᠵᠢᠭ ᠦᠭᠡᠢ ᠰᠤᠷᠭᠠᠭᠤᠯᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/2/21
      ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠡᠭᠡᠳᠦ ᠱᠠᠲᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠠᠳᠬᠤᠵᠤ᠂ ᠨᠥᠭᠦᠭᠡ ᠲᠠᠯ᠎ᠠ ᠪᠠᠷ ᠰᠤᠷᠭᠠᠭᠤᠯᠢ ᠡᠬᠢᠯᠡᠬᠦ ᠪᠡᠯᠡᠳᠬᠡᠯ ᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠬᠠᠮᠤᠭ ᠤᠨ ᠶᠡᠭᠡ ᠴᠢᠷᠮᠠᠶᠢᠯᠭ᠎ᠠ᠂ ᠬᠠᠮᠤᠭ ᠤᠨ ᠭᠦᠢᠴᠡᠳ ᠪᠡᠯᠡᠳᠬᠡᠯ ᠢᠶᠠᠷ ᠡᠷᠡᠭᠦᠯ ᠡᠩᠬᠡ ᠬᠢᠵᠢᠭ ᠦᠭᠡᠢ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠬᠢᠵᠦ᠂ ᠪᠥᠬᠦ ᠰᠢᠶᠠᠨ ᠤ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠪᠠᠶᠢᠨ᠎ᠠ᠃      ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠰᠠᠶᠢᠲᠤᠷ ᠵᠣᠬᠢᠶᠠᠨ ᠪᠠᠶᠢᠭᠤᠯᠵᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ︽ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠡᠬᠢᠯᠡᠬᠦ ᠠᠴᠠ ᠡᠮᠦᠨ᠎ᠡ ᠬᠤᠶᠢᠨ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠲᠣᠭᠲᠠᠭᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠳᠠᠯᠢ ᠪᠤᠰᠤ ᠣᠨᠴᠠᠯᠢᠭ ᠢ ᠦᠨᠳᠦᠰᠦᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠦᠭᠯᠡᠭᠦᠷ ᠢ ᠲᠤᠰ ᠲᠤᠰ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ᠂ ᠰᠤᠷᠭᠠᠭᠤᠯᠢ ᠡᠬᠢᠯᠡᠭᠰᠡᠨ ᠤ ᠳᠠᠷᠠᠭᠠᠬᠢ ᠠᠵᠢᠯ ᠤᠨ ᠱᠠᠭᠠᠷᠳᠠᠯᠭ᠎ᠠ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ  ᠪᠠᠷ᠂ ᠪᠣᠳᠠᠲᠠᠢ ᠠᠷᠭ᠎ᠠ ᠬᠡᠮᠵᠢᠶ᠎ᠡ ᠪᠠ ᠠᠵᠢᠯᠯᠠᠭᠠᠨ ᠤ ᠵᠢᠷᠤᠮᠵᠢᠯ ᠢ ᠲᠣᠳᠣᠷᠬᠠᠶᠢᠯᠠᠵᠤ᠂ ︽ᠨᠢᠭᠡ ᠰᠤᠷᠭᠠᠭᠤᠯᠢ ᠨᠢᠭᠡ ᠲᠥᠷᠥ ᠶᠢᠨ ᠪᠣᠳᠣᠯᠭ᠎ᠠ︾ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠰᠤᠷᠭᠠᠭᠤᠯᠢ ᠡᠬᠢᠯᠡᠬᠦ ᠪᠡᠯᠡᠳᠬᠡᠯ ᠪᠠᠭᠲᠠᠨ᠎ᠠ᠂ ᠰᠤᠷᠭᠠᠭᠤᠯᠢ ᠶᠢᠨ ᠣᠷᠭᠢᠯ ᠦᠶ᠎ᠡ ᠶᠢ ᠵᠥᠷᠢᠭᠦᠯᠦᠨ ᠰᠤᠷᠭᠠᠭᠤᠯᠢ ᠳᠠᠭᠠᠨ ᠪᠤᠴᠠᠬᠤ ᠪᠠ ᠬᠢᠴᠢᠶᠡᠯ ᠰᠡᠷᠭᠦᠭᠡᠬᠦ᠂ ᠭᠡᠷ ᠪᠦᠯᠢ ᠪᠠ ᠰᠤᠷᠭᠠᠭᠤᠯᠢ ᠬᠤᠯᠪᠤᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠵᠢᠭᠠᠨ ᠰᠤᠷᠭᠠᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠥᠷᠯᠥᠭᠡ ᠶᠢᠨ ᠪᠠᠶᠢᠴᠠᠭᠠᠯᠲᠠ ᠦᠳᠡ ᠶᠢᠨ ᠪᠠᠶᠢᠴᠠᠭᠠᠯᠲᠠ ᠬᠢᠬᠦ᠂ ᠡᠪᠡᠳᠴᠢᠨ ᠠᠴᠠ ᠪᠣᠯᠵᠤ ᠠᠵᠢᠯ ᠰᠠᠭᠠᠲᠠᠭᠰᠠᠨ ᠳᠠᠩᠰᠠᠯᠠᠯᠲᠠ ᠬᠢᠬᠦ᠂ ᠡᠪᠡᠳᠴᠢᠨ ᠤ ᠰᠢᠯᠲᠠᠭᠠᠨ ᠢ ᠮᠥᠷᠳᠡᠨ ᠮᠡᠳᠡᠭᠦᠯᠬᠦ᠂ ᠬᠢᠴᠢᠶᠡᠯ ᠰᠡᠷᠭᠦᠭᠡᠭᠰᠡᠨ ᠭᠡᠷᠡᠴᠢ ᠶᠢ ᠪᠠᠶᠢᠴᠠᠭᠠᠨ ᠰᠢᠯᠭᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠵᠢᠵᠢᠭᠦᠷᠯᠡᠨ ᠰᠠᠬᠢᠬᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠮᠢᠶᠠᠷᠤᠯᠲᠠ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ ᠤᠨ ᠳᠦᠷᠢᠮ ︵︽ᠵᠢᠷᠭᠤᠭᠠᠨ ᠬᠡᠷᠡᠭ ᠠᠷᠪᠠᠨ ᠵᠢᠷᠭᠤᠭᠠᠨ ᠳᠦᠷᠢᠮ︾ ᠭᠡᠵᠦ ᠲᠣᠪᠴᠢᠯᠠᠨ᠎ᠠ︶᠂ ᠨᠢᠭᠲᠠ ᠴᠢᠩᠭ᠎ᠠ ᠳᠦᠷᠢᠮ ᠤᠨ ᠵᠢᠷᠤᠮᠵᠢᠯ ᠢᠶᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠦᠷᠢᠮ ᠲᠣᠭᠲᠠᠭᠠᠯ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠳᠤᠯᠠᠨ᠎ᠠ᠃      ᠣᠶᠢᠷ᠎ᠠ ᠶᠢᠨ ᠡᠳᠦᠷ ᠤᠳ ᠲᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠲᠠᠢ ᠤᠶᠠᠯᠳᠤᠭᠤᠯᠤᠨ᠂ ᠰᠤᠷᠭᠠᠭᠤᠯᠢ᠂ ᠣᠨ᠂ ᠠᠩᠭᠢ᠂ ᠭᠡᠷ ᠤᠨ ᠠᠬᠠᠮᠠᠳ ᠵᠡᠷᠭᠡ ᠳᠥᠷᠪᠡᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠯᠴᠠᠬᠤ ᠰᠦᠯᠵᠢᠶ᠎ᠡ ᠪᠠ ᠰᠠᠯᠠᠭ᠎ᠠ ᠮᠥᠴᠢᠷ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠰᠦᠯᠵᠢᠶ᠎ᠡ ᠶᠢ ᠪᠠᠶᠢᠭᠤᠯᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠬᠢᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠲᠠ ᠠᠪᠴᠠᠯᠳᠤᠭᠤᠯᠬᠤ ᠶᠢ ᠰᠠᠶᠢᠲᠤᠷ ᠬᠢᠭᠰᠡᠨ ᠪᠠᠶᠢᠨ᠎ᠠ᠃ ᠪᠥᠬᠦ ᠰᠢᠶᠠᠨ ᠤ 3 ᠲᠦᠮᠡ ᠰᠢᠬᠠᠮ ᠪᠠᠭᠰᠢ ᠰᠣᠷᠣᠭᠴᠢ ᠶᠢᠨ ᠠᠮᠠᠷᠠᠯᠲᠠ ᠶᠢᠨ ᠬᠤᠭᠤᠴᠠᠭᠠᠨ ᠤ ᠬᠠᠨᠳᠤᠰᠢ ᠪᠠ ᠡᠷᠡᠭᠦᠯ ᠮᠡᠨᠳᠦ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠠᠷᠢᠨ ᠨᠢᠮᠪᠠᠢ ᠣᠶᠢᠯᠠᠭᠠᠨ ᠪᠠᠶᠢᠴᠠᠭᠠᠵᠤ᠂ ᠨᠠᠷᠢᠯᠢᠭ ᠣᠨᠣᠴᠠᠲᠠᠢ ᠪᠠᠷ ᠡᠵᠡᠮᠰᠢᠨ᠂ ᠨᠡᠶᠢᠭᠡᠮ ᠲᠣᠭᠤᠷᠢᠭ ᠲᠠᠢ ᠵᠠᠪᠰᠠᠷ ᠦᠭᠡᠢ ᠵᠣᠯᠭᠠᠭᠤᠯᠵᠤ᠂ ᠮᠥᠷᠳᠡᠨ ᠬᠠᠮᠢᠶᠠᠷᠴᠤ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ᠂ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠪᠠᠭᠰᠢ ᠰᠣᠷᠣᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠦᠶ᠎ᠡ ᠳᠤ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 6 ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠰᠤᠷᠭᠠᠭᠤᠯᠢ ᠳᠤ ᠣᠴᠢᠭᠤᠯᠤᠨ ᠱᠠᠯᠠᠪᠳᠠᠭᠤᠯᠤᠨ ᠪᠠᠶᠢᠴᠠᠭᠠᠵᠤ᠂ ᠡᠳᠦᠷ ᠪᠦᠷᠢ ᠶᠢᠨ ᠦᠳᠡ ᠶᠢᠨ ᠬᠤᠶᠢᠨᠠᠬᠢ 4 ᠴᠠᠭ ᠠᠴᠠ ᠡᠮᠦᠨ᠎ᠡ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠪᠣᠯᠣᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ ᠬᠢᠨᠠᠨ ᠪᠠᠶᠢᠴᠠᠭᠠᠪᠠ᠃ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠺᠠᠳ᠋ᠷ ᠠᠵᠢᠯᠲᠠᠨ ᠠᠵᠢᠯᠴᠢᠨ ᠢ ᠦᠵᠡᠯ ᠰᠠᠨᠠᠭᠠᠨ ᠤ ᠲᠠᠯ᠎ᠠ ᠪᠠᠷ ᠴᠢᠬᠤᠯᠠ᠂ ᠤᠢᠢᠯᠠ ᠠᠵᠢᠯᠯᠠᠭ᠎ᠠ ᠶᠢᠨ ᠲᠠᠯ᠎ᠠ ᠪᠠᠷ ᠲᠦᠷᠭᠡᠨ᠂ ᠣᠪᠣᠷ ᠰᠤᠷᠲᠠᠯ ᠤᠨ ᠲᠠᠯ᠎ᠠ ᠪᠠᠷ ᠴᠢᠩᠭ᠎ᠠ ᠪᠠᠶᠢᠬᠤ ᠶᠢ ᠤᠷᠢᠶᠠᠯᠠᠪᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠡᠯ᠎ᠡ ᠰᠤᠷᠭᠠᠭᠤᠯᠢ ᠬᠡᠦᠬᠡᠳ ᠤᠨ ᠴᠡᠴᠡᠷᠯᠢᠭ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠶᠢ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ᠂ ᠬᠥᠮᠥᠨ ᠨᠢᠭᠡᠪᠦᠷᠢ ᠳᠤ ᠨᠠᠶᠢᠳᠠᠪᠤᠷᠢᠵᠢᠭᠤᠯᠵᠤ᠂ ᠲᠦᠷᠦᠭᠦᠯᠡᠨ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠲᠦᠷᠦᠭᠦᠯᠡᠨ ᠡᠷᠡᠯᠬᠡᠭᠯᠡᠨ ᠪᠠᠶᠢᠯᠳᠤᠵᠤ᠂ ᠲᠠᠶᠢᠴᠢᠨ ᠪᠠᠬᠢᠯᠡᠯᠲᠡ ᠪᠠ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠣᠪᠣᠷ ᠰᠤᠷᠲᠠᠯ ᠢᠶᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠴᠢᠩᠭ᠎ᠠ ᠰᠦᠯᠵᠢᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ  ᠡᠵᠡᠮᠳᠡᠬᠦ ᠲᠠᠶᠢᠨ᠂ ᠰᠥᠨᠥᠭᠡᠬᠦ ᠲᠠᠶᠢᠨ ᠤ ᠢᠯᠠᠯᠲᠠ ᠶᠢ ᠡᠷᠡᠰ ᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1