ᠲᠠᠪᠢᠨ ᠭᠡᠷ ᠪᠠᠯᠭᠠᠰᠤ᠄ ᠨᠠᠮ ᠤᠨ ᠲᠤᠭ  ᠢ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠲᠡᠮᠡᠴᠡᠯ ᠤᠨ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠤᠶ᠎ᠠ
ᠨᠡᠶᠢᠲᠡᠯᠡᠭᠰᠡᠨ ᠴᠠᠭ᠄
2022/2/23
      ᠨᠠᠮ ᠤᠨ ᠲᠤᠭ ᠨᠢᠭᠡᠳᠦᠭᠡᠷ ᠹᠷᠣᠨᠲ ᠲᠤ ᠨᠠᠮᠢᠷᠠᠵᠦ᠂ ᠨᠠᠮ ᠤᠨ ᠭᠡᠰᠢᠭᠦᠨ ᠨᠢᠭᠡᠳᠦᠭᠡᠷ ᠹᠷᠣᠨᠲ ᠤᠨ ᠵᠢᠱᠢᠶᠡᠴᠢ ᠬᠤᠰᠢᠭᠤᠴᠢ ᠪᠣᠯᠣᠨ᠎ᠠ      ᠣᠶᠢᠷ᠎ᠠ ᠳᠤ᠂ ᠬᠥᠬᠡᠬᠤᠲᠠ ᠶᠢᠨ ᠬᠢᠵᠢᠭ ᠤᠨ ᠪᠠᠶᠢᠳᠠᠯ ᠬᠡᠴᠡᠭᠦᠳᠡᠵᠦ᠂ ᠪᠠᠶᠢᠳᠠᠯ ᠪᠤᠳᠤᠯᠢᠶᠠᠨᠲᠠᠢ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠠᠶᠢᠨ᠎ᠠ᠃ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ 15 ᠵᠠᠰᠠᠭ ᠵᠠᠬᠢᠷᠭᠠᠨ ᠤ ᠲᠣᠰᠬᠤᠨ ᠳᠤ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠣᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠠᠪᠠᠭᠤᠯᠢᠭ ᠪᠣᠯᠭᠠᠨ ᠬᠤᠪᠢᠷᠠᠭᠤᠯᠪᠠ᠃ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ 15 ᠵᠠᠰᠠᠭ ᠵᠠᠬᠢᠷᠭᠠᠨ ᠤ ᠲᠣᠰᠬᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷ ᠴᠠᠭ ᠤᠨ ᠨᠠᠮ ᠤᠨ ᠡᠭᠦᠷ ᠪᠠᠶᠢᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠳᠤ ᠰᠠᠭᠤᠭ᠎ᠠ ᠺᠠᠳ᠋ᠷ ᠲᠤᠰ ᠲᠤᠰ ᠨᠠᠮ ᠤᠨ ᠡᠭᠦᠷ ᠤᠨ ᠱᠦᠵᠢ ᠪᠠ ᠭᠡᠰᠢᠭᠦᠨ ᠤ ᠲᠤᠰᠢᠶᠠᠯ ᠢ ᠡᠭᠦᠷᠭᠡᠯᠡᠪᠡ᠃ ᠲᠦᠷ ᠴᠠᠭ ᠤᠨ ᠨᠠᠮ ᠤᠨ ᠡᠭᠦᠷ ᠨᠢ ᠪᠠᠯᠭᠠᠰᠤ᠂ ᠲᠣᠰᠬᠤᠨ ᠤ ᠨᠠᠮ ᠤᠨ ᠭᠡᠰᠢᠭᠦᠨ ᠺᠠᠳ᠋ᠷ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢ ᠨᠠᠮ ᠤᠨ ᠡᠭᠦᠷ ᠤᠨ ᠬᠠᠮᠢᠶᠠᠷᠤᠯᠲᠠ ᠳᠤ ᠣᠷᠣᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠳᠦᠷᠢᠮ ᠢ ᠲᠡᠭᠦᠯᠳᠡᠷᠵᠢᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠷᠯᠢᠭ ᠢ ᠰᠢᠯᠤᠭᠤᠳᠬᠠᠵᠤ᠂ ᠥᠨᠳᠥᠷ ᠪᠦᠲᠦᠮᠵᠢᠲᠡᠢ ᠪᠠᠷ ᠶᠠᠪᠤᠭᠳᠠᠭᠤᠯᠬᠤ ᠬᠡᠷᠡᠭᠲᠡᠢ᠃ ᠨᠠᠮ ᠤᠨ ᠡᠭᠦᠷ ᠪᠠᠶᠢᠭᠤᠯᠤᠭᠳᠠᠭᠰᠠᠨ ᠤ ᠳᠠᠷᠠᠭ᠎ᠠ᠂ ᠥᠷᠭᠡᠨ ᠣᠯᠠᠨ ᠨᠠᠮ ᠤᠨ ᠭᠡᠰᠢᠭᠦᠨ ᠨᠠᠮ ᠤᠨ ᠰᠦᠯᠳᠡ ᠪᠠᠨ ᠵᠡᠭᠦᠵᠦ᠂ ᠪᠡᠶ᠎ᠡ ᠶᠢᠨ ᠭᠠᠷᠤᠯ ᠢᠶᠠᠨ ᠲᠣᠳᠣᠷᠠᠭᠤᠯᠵᠤ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠪᠥᠭᠡᠮ ᠬᠦᠴᠢᠯ ᠤᠨ ᠦᠯᠢᠭᠡᠷ ᠠᠪᠬᠤ ᠲᠤᠬᠠᠢ ᠶᠢᠨ ᠲᠠᠯᠠᠪᠠᠢ ᠳᠤ ᠡᠮᠬᠢ ᠳᠢᠭᠯᠢᠮ ᠢ ᠬᠠᠮᠠᠭᠠᠯᠠᠵᠤ᠂ ᠤᠯᠠᠨ ᠨᠡᠶᠢᠲᠡ ᠶᠢᠨ ᠲᠠᠯᠠᠪᠤᠷ ᠲᠤ ᠠᠷᠢᠭᠤᠳᠬᠠᠵᠤ ᠤᠰᠠᠳᠬᠠᠬᠤ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭᠴᠦᠳ ᠤᠨ ᠡᠷᠦᠬᠡ ᠳᠤ ᠣᠷᠣᠵᠤ ᠦᠯᠢᠭᠡᠷ ᠠᠪᠬᠤ ᠳᠤ ᠢᠳᠡᠪᠬᠢᠲᠡᠢ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠬᠡᠮᠵᠢᠬᠦ‍ ᠴᠢᠭ ᠤᠨ ᠵᠢᠵᠢᠭᠦᠷᠯᠡᠨ ᠰᠠᠬᠢᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠣᠷᠣᠵᠤ ᠭᠠᠷᠬᠤ ᠬᠥᠮᠥᠰ ᠤᠨ ᠨᠣᠮᠧᠷ ᠢ ᠰᠢᠷᠪᠢᠬᠦ᠂ ᠳᠤᠯᠠᠭᠠᠨ ᠢ ᠬᠡᠮᠵᠢᠬᠦ᠂ ᠪᠦᠷᠢᠳᠬᠡᠬᠦ ᠶᠢ ᠴᠢᠩᠭ᠎ᠠ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠵᠣᠬᠢᠶᠠᠨ ᠪᠠᠶᠢᠭᠤᠯᠤᠯᠲᠠ ᠲᠠᠢ ᠪᠠᠷ ᠡᠵᠡᠮᠳᠡᠵᠦ᠂ ᠵᠠᠩᠭᠢᠯᠠᠭ᠎ᠠ ᠶᠢᠨ ᠦᠶ᠎ᠡ ᠳᠤ ᠨᠠᠮ ᠤᠨ ᠭᠡᠰᠢᠭᠦᠨ ᠢᠶᠠᠷ ᠲᠤᠯᠭᠠᠭᠤᠷᠢᠯᠠᠭᠤᠯᠤᠭᠰᠠᠨ ᠪᠠᠶᠢᠨ᠎ᠠ᠃ ︽ᠪᠢ ᠪᠣᠯ ᠨᠠᠮ ᠤᠨ ᠭᠡᠰᠢᠭᠦᠨ᠂ ᠪᠢ ᠨᠢᠭᠡᠳᠦᠭᠡᠷ ᠹᠷᠣᠨᠲ ᠲᠤ ᠪᠠᠶᠢᠨ᠎ᠠ᠃ ᠬᠢᠵᠢᠭ ᠤᠨ ᠪᠠᠶᠢᠳᠠᠯ ᠠᠷᠢᠯᠬᠤ ᠦᠭᠡᠢ ᠪᠣᠯ ᠪᠢᠳᠡ ᠤᠬᠤᠷᠢᠬᠤ ᠦᠭᠡᠢ︕︾ ᠵᠠᠩᠭᠢᠯᠠᠭ᠎ᠠ ᠶᠢᠨ ᠦᠶ᠎ᠡ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠢᠯᠡᠷᠡᠭᠦᠯᠪᠡ᠃ ᠦᠳᠲᠡᠷ ᠲᠦᠷᠭᠡᠨ ᠢᠶᠠᠷ ᠵᠢᠭᠰᠠᠭᠠᠯ ᠢᠶᠠᠨ ᠪᠠᠶᠢᠷᠢᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠬᠠᠮᠢᠭ᠎ᠠ ᠬᠦᠷᠲᠡᠯ᠎ᠡ ᠦᠷᠭᠦᠯᠵᠢᠯᠡᠭᠦᠯᠬᠦ ᠶᠢ ᠪᠠᠷᠢᠮᠲᠠᠯᠠᠪᠠᠯ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠠᠵᠢᠯ ᠢ ᠲᠡᠨᠳᠡ ᠬᠦᠷᠲᠡᠯ᠎ᠡ ᠪᠦᠷᠬᠦᠭᠦᠯᠵᠦ᠂ 15 ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ 15 ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠠᠶᠢᠭᠤᠯᠵᠤ᠂ 15 ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠶᠢ ᠪᠠᠶᠢᠭᠤᠯᠵᠤ᠂ ᠨᠠᠮ ᠤᠯᠠᠨ ᠲᠦᠮᠡᠨ ᠤ ᠰᠡᠳᠬᠢᠯ ᠨᠢᠭᠡᠳᠦᠨ ᠪᠦᠯᠬᠦᠮᠳᠡᠵᠦ ᠪᠠᠶᠢᠭᠠᠳ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠲᠦᠮᠵᠢᠲᠡᠢ ᠨᠢᠭᠲᠠᠷᠠᠭᠤᠯᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠡᠮᠦᠨ᠎ᠡ ᠹᠷᠣᠨᠲ ᠲᠤ ᠥᠨᠳᠥᠷ ᠮᠠᠨᠳᠤᠭᠤᠯᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1