ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠲᠠᠬᠤ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠠᠴᠠ ᠪᠦᠬᠦ ᠰᠢᠶᠠᠨ ᠤ ᠰᠦᠯᠵᠢᠶᠡᠨ ᠤ ᠢᠷᠭᠡᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/2/23
      ᠪᠥᠬᠦ ᠰᠢᠶᠠᠨ ᠤ ᠥᠷᠭᠡᠨ ᠣᠯᠠᠨ ᠰᠦᠯᠵᠢᠶᠡᠨ ᠤ ᠠᠨᠳᠠ ᠨᠠᠷ᠂ ᠡᠯ᠎ᠡ ᠰᠦᠯᠵᠢᠶᠡᠨ ᠤ ᠥᠷᠲᠡᠭᠡ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠠᠵᠢᠯᠯᠠᠭᠴᠢᠳ ᠲᠤ᠄      ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠰᠢᠯᠭᠠᠯᠲᠠ ᠳᠤ ᠲᠤᠯᠭᠠᠷᠠᠵᠤ᠂ ᠲᠣᠭᠲᠠᠬᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠᠶᠢᠯᠳᠤᠭᠠᠨ ᠨᠢᠭᠡᠨᠲᠡ ᠪᠥᠬᠦ ᠲᠠᠯ᠎ᠠ ᠪᠠᠷ ᠡᠬᠢᠯᠡᠪᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠶᠢᠨ ᠲᠥᠯᠥᠭᠡ᠂ ᠪᠢᠳᠡ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄      1᠂ ᠰᠦᠯᠵᠢᠶᠡᠨ ᠤ ᠡᠶᠡᠷᠭᠦ ᠡᠨᠧᠷᠭᠢ ᠶᠢᠨ ᠲᠠᠷᠬᠠᠭᠠᠭᠴᠢ ᠪᠤᠯᠤᠶ᠎ᠠ᠃ ᠡᠯ᠎ᠡ ᠲᠦᠷᠦᠯ ᠤᠨ ᠰᠦᠯᠵᠢᠶᠡᠨ ᠤ ᠦᠷᠳᠡᠭᠡ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠠᠵᠢᠯ ᠡᠷᠬᠢᠯᠡᠭᠰᠡᠳ ᠪᠣᠯᠣᠨ ᠥᠷᠭᠡᠨ ᠤᠯᠠᠨ ᠰᠦᠯᠵᠢᠶᠡᠨ ᠤ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠪᠣᠯᠣᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠴᠠᠭ ᠲᠤᠬᠠᠢ ᠳᠤᠨᠢ ᠥᠷᠭᠡᠨ ᠢᠶᠠᠷ ᠤᠯᠠᠮᠵᠢᠯᠠᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠬᠦ ᠠᠷᠭ᠎ᠠ ᠬᠡᠮᠵᠢᠶ᠎ᠡ᠂ ᠠᠵᠢᠯᠯᠠᠭ᠎ᠠ ᠪᠣᠯᠣᠨ ᠣᠯᠣᠭᠰᠠᠨ ᠦᠷ᠎ᠡ ᠪᠦᠲᠦᠮᠵᠢ ᠶᠢ ᠤᠬᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ᠂ ᠬᠠᠮᠠᠭᠠᠯᠠᠬᠤ ᠴᠢᠳᠠᠪᠤᠷᠢ ᠪᠣᠯᠣᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃ ᠡᠷᠡᠭᠦᠯ ᠠᠭᠤᠯᠭ᠎ᠠ ᠲᠠᠢ᠂ ᠠᠮᠢᠳᠤᠯᠢᠭ ᠬᠡᠯᠪᠡᠷᠢ ᠲᠠᠢ ᠰᠢᠨ᠎ᠡ ᠵᠠᠭᠤᠴᠢᠯᠠᠭᠤᠷ ᠤᠨ ᠪᠦᠲᠦᠭᠡᠯ ᠢ ᠢᠳᠡᠪᠬᠢᠲᠡᠢ ᠪᠠᠷ ᠵᠣᠬᠢᠶᠠᠨ ᠪᠦᠲᠦᠭᠡᠵᠦ᠂ ᠥᠷᠭᠡᠨ ᠣᠯᠠᠨ ᠠᠷᠠᠳ ᠲᠦᠮᠡᠨ ᠤ ᠬᠢᠵᠢᠭ ᠤᠨ ᠪᠠᠶᠢᠳᠠᠯ ᠲᠠᠢ ᠲᠡᠮᠡᠴᠡᠬᠦ ᠲᠡᠮᠡᠴᠡᠯ ᠤᠨ ᠵᠣᠷᠢᠭ ᠪᠠ ᠬᠠᠯᠠᠭᠤᠨ ᠰᠡᠳᠬᠢᠯᠭᠡ ᠶᠢ  ᠬᠦᠭᠵᠢᠭᠡᠶ᠎ᠡ᠃      2᠂ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠤᠨ ᠳᠠᠶᠢᠴᠢᠯᠠᠭᠴᠢ ᠪᠤᠯᠤᠶ᠎ᠠ᠃ ᠥᠷᠭᠡᠨ ᠤᠯᠠᠨ ᠰᠦᠯᠵᠢᠶᠡᠨ ᠤ ᠠᠨᠳᠠ ᠨᠠᠷ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠪᠥᠭᠡᠮᠨᠡᠷᠡᠬᠦ ᠦᠭᠡᠢ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠴᠢᠳᠠᠬᠤ ᠶᠢᠨ ᠳᠣᠲᠣᠷ᠎ᠠ ᠬᠥᠮᠥᠨ ᠤᠯᠠᠨ ᠴᠤᠭᠯᠠᠷᠠᠵᠤ᠂ ᠠᠭᠠᠷ ᠨᠡᠪᠲᠡᠷᠡᠬᠦ ᠦᠭᠡᠢ ᠭᠠᠵᠠᠷ ᠲᠤ ᠣᠴᠢᠬᠤ ᠦᠭᠡᠢ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠵᠤ᠂ ᠲᠤᠷᠰᠢᠯᠲᠠ ᠶᠢᠨ ᠺᠣᠳ᠋ ᠪᠠᠭᠤᠯᠭᠠᠵᠤ ᠳᠤᠯᠠᠭᠠᠨ ᠢ ᠬᠡᠮᠵᠢᠬᠦ ᠵᠡᠷᠭᠡ ᠠᠷᠭ᠎ᠠ ᠬᠡᠮᠵᠢᠶ᠎ᠡ ᠲᠠᠢ ᠤᠬᠠᠮᠰᠠᠷ ᠠᠴᠠ ᠪᠠᠨ  ᠬᠠᠮᠵᠢᠯᠴᠠᠶ᠎ᠠ᠃      3᠂ ᠰᠠᠶᠢᠨ ᠰᠠᠶᠢᠬᠠᠨ ᠰᠦᠯᠵᠢᠶᠡᠨ ᠤ ᠣᠷᠴᠢᠨ ᠲᠣᠭᠤᠷᠢᠨ ᠤ ᠬᠠᠮᠠᠭᠠᠯᠠᠭᠴᠢ ᠪᠤᠯᠤᠶ᠎ᠠ᠃ ᠥᠷᠭᠡᠨ ᠤᠯᠠᠨ ᠰᠦᠯᠵᠢᠶᠡᠨ ᠤ ᠠᠨᠳᠠ ᠨᠠᠷ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠰᠦᠯᠵᠢᠶᠡᠨ ᠤ ᠮᠡᠳᠡᠭᠡ ᠵᠠᠩᠭᠢ ᠶᠢ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠢᠷᠭᠢᠶ᠎ᠡ ᠶᠢᠨ ᠴᠤᠭᠯᠠᠷᠠᠯ᠂ ᠨᠠᠶᠢᠵᠢ ᠶᠢᠨ ᠲᠣᠭᠤᠷᠢᠭ᠂ ᠲᠤᠷᠬᠢᠶ᠎ᠠ᠂ ᠨᠠᠷᠬᠢᠶ᠎ᠠ᠂ ᠵᠢᠴᠢ ᠪᠤᠰᠤᠳ ᠰᠦᠯᠵᠢᠶᠡᠨ ᠤ ᠲᠠᠪᠴᠠᠩ ᠳᠤ ᠡᠷᠬᠡ ᠰᠦᠷ ᠪᠠ ᠵᠢᠩᠬᠢᠨᠢ ᠢᠷᠡᠯᠲᠡ ᠦᠭᠡᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠨᠡᠶᠢᠲᠡᠯᠡᠬᠦ ᠪᠤᠶᠤ ᠳᠠᠮᠵᠢᠭᠤᠯᠤᠨ ᠲᠠᠷᠬᠠᠭᠠᠬᠤ ᠦᠭᠡᠢ᠃ ᠠᠯᠪᠠᠨ ᠤ ᠲᠠᠯ᠎ᠠ ᠠᠴᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠣᠶᠢᠯᠠᠭᠠᠵᠤ᠂ ᠭᠡᠷᠡᠴᠢᠯᠡᠭᠰᠡᠨ ᠦᠭᠡᠢ ᠮᠡᠳᠡᠭᠡ ᠵᠠᠩᠭᠢ ᠵᠢᠴᠢ ᠭᠠᠵᠠᠷ ᠣᠷᠣᠨ ᠨᠢ ᠲᠣᠳᠣᠷᠬᠠᠢ ᠦᠭᠡᠢ᠂ ᠴᠢᠭᠯᠡᠯ ᠨᠢ ᠲᠣᠳᠣᠷᠬᠠᠢ ᠦᠭᠡᠢ ᠮᠡᠳᠡᠭᠡ ᠵᠠᠩᠭᠢ ᠳᠤ ᠣᠶᠤᠨᠴᠢ ᠪᠠᠷ ᠬᠠᠨᠳᠤᠵᠤ᠂ ᠬᠥᠩᠭᠡᠨ ᠬᠠᠭᠤᠳᠠᠮ ᠢᠶᠠᠷ ᠢᠲᠡᠭᠡᠬᠦ ᠦᠭᠡᠢ᠂ ᠰᠣᠬᠤᠷ ᠪᠠᠯᠠᠢ ᠪᠠᠷ ᠳᠠᠭᠠᠬᠤ ᠦᠭᠡᠢ᠂ ᠨᠡᠶᠢᠲᠡᠯᠡᠬᠦ ᠦᠭᠡᠢ᠂ ᠤᠯᠠᠮᠵᠢᠯᠠᠬᠤ ᠦᠭᠡᠢ᠂ ᠰᠢᠭᠦᠮᠵᠢᠯᠡᠬᠦ ᠦᠭᠡᠢ ᠪᠠᠶᠢᠶ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ      ᠲᠣᠭᠲᠠᠬᠤ ᠰᠢᠶᠠᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ      2022 ᠣᠨ ᠤ 2 ᠳ᠋ᠤᠭᠠᠷ ᠰᠠᠷ᠎ᠠ ᠶᠢᠨ 22 ᠤ ᠡᠳᠦᠷ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1