ᠬᠢᠵᠢᠭ ᠤᠨ ᠪᠠᠶᠢᠳᠠᠯ  ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠬᠥᠬᠡᠬᠤᠲᠠ ᠶᠢᠨ ᠬᠥᠮᠥᠨ ᠨᠥᠬᠦᠴᠡᠯ ᠳᠤ ᠨᠡᠶᠢᠴᠡᠪᠡᠯ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠵᠤ ᠪᠣᠯᠣᠨ᠎ᠠ︕
ᠨᠡᠶᠢᠲᠡᠯᠡᠭᠰᠡᠨ ᠴᠠᠭ᠄
2022/2/24
      ᠥᠴᠥᠭᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠦᠴᠢᠷᠳᠡᠯ ᠲᠠᠢ ᠣᠯᠠᠨ ᠲᠦᠮᠡᠨ ᠪᠠ ᠬᠢᠵᠢᠭ ᠤᠨ ᠨᠥᠯᠥᠭᠡ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠬᠥᠮᠥᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠵᠢᠭ ᠤᠨ ᠨᠥᠯᠥᠭᠡ ᠠᠴᠠ ᠪᠣᠯᠵᠤ ᠭᠠᠳᠠᠭᠰᠢ ᠭᠠᠷᠴᠤ ᠠᠵᠢᠯ ᠬᠢᠬᠦ᠂ ᠡᠵᠡᠩᠨᠡᠬᠦ᠂ ᠠᠵᠢᠯ ᠣᠯᠬᠤ᠂ ᠣᠷᠣᠯᠭ᠎ᠠ ᠨᠢ ᠪᠠᠭᠤᠷᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠢ ᠳᠤᠨᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ︾ ︽ᠠᠪᠤᠷᠠᠬᠤ ᠶᠣᠰᠣᠲᠠᠢ ᠶᠢ ᠨᠢ ᠴᠥᠮ ᠠᠪᠤᠷᠠᠬᠤ︾ ᠬᠡᠷᠡᠭᠲᠡᠢ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠮᠥᠩᠭᠦ᠂ ᠬᠦᠴᠢᠷᠳᠡᠯᠲᠡᠢ ᠥᠨᠥᠴᠢᠨ ᠵᠡᠮᠳᠡᠭ ᠬᠡᠦᠬᠡᠳ ᠢ ᠠᠪᠤᠷᠠᠨ ᠲᠤᠰᠠᠯᠠᠬᠤ ᠮᠥᠩᠭᠦ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠡᠷ ᠪᠦᠯᠢ ᠶᠢ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠣᠨᠣᠰᠢᠯᠠᠭᠰᠠᠨ ᠡᠪᠡᠳᠴᠢᠨ ᠤ ᠵᠢᠱᠢᠶ᠎ᠡ ᠳᠠᠬᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠣᠷᠣᠯᠭ᠎ᠠ ᠪᠠᠭᠠᠲᠠᠢ ᠭᠡᠷ ᠪᠦᠯᠢ ᠶᠢᠨ ᠪᠦᠷᠢᠯᠳᠦᠭᠦᠨ ᠵᠢᠴᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ᠂ ︽ᠨᠢᠭᠡ ᠬᠡᠷᠡᠭ ᠢ ᠨᠢᠭᠡ ᠵᠥᠪᠯᠡᠬᠦ︾ ᠪᠠᠷ ᠳᠠᠮᠵᠢᠭᠤᠯᠤᠨ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ ᠪᠣᠯᠣᠨ᠎ᠠ ︔ ᠭᠡᠷ ᠪᠦᠯᠢ ᠶᠢᠨ ᠪᠦᠷᠢᠯᠳᠦᠭᠦᠨ ᠢᠶᠠᠨ ᠲᠤᠰᠠᠭᠠᠷᠯᠠᠨ ᠭᠥᠯᠢᠶᠡᠨ ᠠᠪᠴᠤ ᠵᠠᠰᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠴᠢᠷᠳᠡᠯ ᠲᠠᠢ ᠪᠣᠯᠤᠭᠰᠠᠨ ᠭᠡᠷ ᠪᠦᠯᠢ ᠶᠢ ᠲᠤᠬᠠᠢ ᠶᠢᠨ ᠭᠠᠵᠠᠷ ᠤᠨ ᠵᠡᠭᠡᠯᠢ ᠭᠤᠳᠤᠮᠵᠢ ︵ᠰᠢᠶᠠᠩ ᠪᠠᠯᠭᠠᠰᠤ︶ ᠪᠤᠶᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠦᠷ ᠴᠠᠭ ᠠᠪᠤᠷᠠᠨ ᠲᠤᠰᠠᠯᠠᠨ᠎ᠠ᠃᡽ᠠᠮᠢᠳᠤᠷᠠᠯ ᠨᠢ ᠬᠦᠴᠢᠷᠳᠡᠯᠲᠡᠢ ᠡᠪᠡᠳᠴᠢᠲᠡᠨ ᠵᠢᠴᠢ ᠲᠡᠳᠡᠨ ᠤ ᠭᠡᠷ ᠪᠦᠯᠢ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠤᠶᠤ ᠲᠦᠷ ᠴᠠᠭ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ︔ ᠡᠭᠦᠨ ᠤ ᠳᠣᠲᠣᠷᠠᠬᠢ ᠡᠪᠡᠳᠴᠢᠨ ᠢᠶᠠᠷ ᠨᠠᠰᠤ ᠪᠠᠷᠠᠭᠰᠠᠨ ᠬᠥᠮᠥᠰ ᠤᠨ ᠭᠡᠷ ᠪᠦᠯᠢ ᠳᠤ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠭᠤᠶᠤᠴᠢᠯᠠᠯ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠦᠨᠳᠦᠰᠦᠨ ᠠᠮᠢᠳᠤᠷᠠᠯ ᠤᠨ ᠲᠠᠯ᠎ᠠ ᠪᠠᠷ ᠲᠦᠷ ᠴᠠᠭ ᠬᠦᠴᠢᠷᠳᠡᠯ ᠲᠠᠢ ᠪᠣᠯᠤᠭᠰᠠᠨ ᠲᠥᠪᠯᠡᠷᠡᠭᠦᠯᠦᠨ ᠲᠥᠪᠬᠢᠨᠡᠭᠦᠯᠦᠭᠰᠡᠨ ᠬᠥᠮᠥᠰ ᠲᠤ ᠲᠣᠭᠲᠠᠭᠠᠯ ᠶᠣᠰᠣᠭᠠᠷ ᠲᠦᠷ ᠴᠠᠭ ᠤᠨ ᠲᠤᠰᠠᠯᠠᠮᠵᠢ ᠦᠵᠡᠭᠦᠯᠦᠨ᠎ᠡ᠃ ᠠᠪᠤᠷᠠᠨ ᠲᠤᠰᠠᠯᠠᠬᠤ ᠮᠥᠩᠭᠦ ᠨᠡᠮᠡᠵᠦ ᠣᠯᠭᠤᠬᠤ᠂ ᠲᠦᠷ ᠴᠠᠭ ᠤᠨ ᠠᠮᠢᠳᠤᠷᠠᠯ ᠤᠨ ᠨᠥᠬᠦᠪᠦᠷᠢ ᠪᠠ ᠠᠮᠢᠳᠤᠷᠠᠯ ᠤᠨ ᠡᠳ᠋ ᠪᠣᠳᠠᠰ ᠣᠯᠭᠤᠵᠤ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠵᠤ ᠪᠣᠯᠣᠨ᠎ᠠ᠃ ᠬᠢᠵᠢᠭ ᠤᠨ ᠪᠠᠶᠢᠳᠠᠯ ᠤᠨ ᠨᠥᠯᠥᠭᠡ ᠪᠠᠷ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠳᠤ ᠪᠠᠴᠢᠮ ᠪᠡᠷᠬᠡ ᠭᠠᠷᠤᠭᠰᠠᠨ ᠭᠠᠵᠠᠷ ᠲᠤᠨᠢ ᠰᠢᠭᠤᠳ ᠲᠦᠷ ᠴᠠᠭ ᠤᠨ ᠠᠪᠤᠷᠠᠨ ᠲᠤᠰᠠᠯᠠᠯᠲᠠ ᠬᠢᠬᠦ ᠬᠡᠷᠡᠭᠲᠡᠢ᠃ ᠠᠵᠢᠯ ᠠᠯᠳᠠᠭᠰᠠᠨ ᠬᠥᠯᠥᠰᠦᠨ ᠠᠵᠢᠯᠴᠢᠨ ᠵᠡᠷᠭᠡ ᠠᠮᠢᠳᠤᠷᠠᠯ ᠨᠢ ᠬᠦᠴᠢᠷᠳᠡᠯ ᠲᠠᠢ ᠪᠥᠭᠡᠳ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠠᠯᠳᠠᠭᠰᠠᠳ ᠲᠤ ᠨᠥᠬᠦᠴᠡᠯ ᠳᠤ ᠨᠡᠶᠢᠴᠡᠪᠡᠯ ᠠᠵᠢᠯ ᠬᠢᠵᠦ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠠᠴᠠ ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠵᠤ᠂ ᠲᠡᠳᠡᠨ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠢ᠃ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠲᠥᠷᠥᠯ ᠬᠤᠪᠢᠶᠠᠨ ᠲᠠᠰ ᠬᠤᠪᠢᠶᠠᠨ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ᠂ ᠲᠣᠰ ᠲᠣᠰ ᠲᠤᠬᠠᠢ ᠶᠢᠨ ᠭᠠᠵᠠᠷ ᠤᠨ ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 3 ︱ 12 ᠳᠠᠬᠢᠨ ᠢᠶᠠᠷ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ ᠪᠣᠯᠣᠨ᠎ᠠ᠃ ᠠᠮᠢᠳᠤᠷᠠᠯ ᠨᠢ ᠬᠦᠨᠳᠦ ᠶᠡᠭᠡ ᠬᠦᠴᠢᠷᠳᠡᠯ ᠲᠠᠢ ᠪᠠᠶᠢᠪᠠᠯ᠂ ︽ᠨᠢᠭᠡ ᠬᠡᠷᠡᠭ ᠢ ᠨᠢᠭᠡ ᠵᠥᠪᠯᠡᠵᠦ︾ ᠪᠠᠶᠢᠭᠠᠳ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠃      ᠡᠭᠦᠨ ᠤ ᠬᠠᠮᠲᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠡᠩᠨᠡᠭᠡ ᠶᠢᠨ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠣᠯᠠᠨ ᠲᠦᠮᠡᠨ ᠲᠠᠢ ᠣᠶᠢᠷᠠᠳᠬᠤ᠂ ᠠᠷᠠᠳ ᠤᠨ ᠪᠠᠶᠢᠳᠠᠯ ᠢ ᠣᠶᠢᠯᠠᠭᠠᠬᠤ ᠳᠠᠪᠠᠭᠤᠯᠢᠭ ᠢ ᠠᠰᠢᠭᠯᠠᠨ᠂ ᠭᠡᠷ ᠲᠤᠨᠢ ᠬᠦᠷᠴᠦ ᠭᠤᠶᠤᠴᠢᠯᠠᠬᠤ ᠶᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠣᠯᠭᠠᠨ ᠬᠤᠪᠢᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠤᠨ ᠳᠤᠮᠳᠠ ᠭᠠᠭᠴᠠᠭᠠᠷ ᠰᠠᠭᠤᠭ᠎ᠠ᠂ ᠴᠢᠳᠠᠪᠤᠷᠢ ᠪᠠᠨ ᠠᠯᠳᠠᠭᠰᠠᠨ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠪᠠ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠣᠨᠴᠣᠭᠤᠢ ᠬᠦᠴᠢᠷᠳᠡᠯ ᠲᠠᠢ ᠬᠠᠮᠲᠤᠯᠢᠭ ᠲᠤ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠴᠠᠭ ᠲᠤᠬᠠᠢ ᠳᠤᠨᠢ ᠣᠶᠢᠯᠠᠭᠠᠨ᠂ ᠲᠣᠰ ᠣᠷᠣᠨ ᠪᠦᠰᠡ ᠶᠢᠨ ᠳᠣᠲᠣᠷᠠᠬᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠡᠷᠲᠡ ᠢᠯᠡᠷᠡᠭᠦᠯᠵᠦ᠂ ᠡᠷᠲᠡ ᠣᠷᠣᠯᠴᠠᠵᠤ᠂ ᠡᠷᠲᠡ ᠠᠪᠤᠷᠠᠨ ᠲᠤᠰᠠᠯᠠᠬᠤ ᠶᠢ ᠪᠡᠶᠡᠯᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1