ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠄  ᠪᠥᠬᠦ ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠵᠦ ᠪᠠᠶᠢᠨ᠎ᠠ
ᠨᠡᠶᠢᠲᠡᠯᠡᠭᠰᠡᠨ ᠴᠠᠭ᠄
2022/2/26
      ᠣᠶᠢᠷ᠎ᠠ   ᠶᠢᠨ ᠡᠳᠦᠷ ᠤᠳ ᠲᠤ᠂ ᠤᠯᠤᠰ ᠤᠨ ᠭᠠᠶᠢᠯᠢ   ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ   ᠶᠢᠨ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠬᠢᠵᠢᠭ︾ ᠵᠦᠭ ᠶᠠᠪᠤᠵᠤ᠂ ᠬᠦᠴᠢᠷ ᠪᠡᠷᠬᠡ   ᠶᠢ ᠰᠥᠷᠦᠨ ᠤᠷᠤᠭᠰᠢᠯᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠡᠷᠭᠡᠶᠢᠯᠡᠨ ᠬᠢᠵᠠᠭᠠᠷᠯᠠᠬᠤ ᠠᠵᠢᠯ   ᠢ ᠡᠷᠡᠰ   ᠢᠶᠠᠷ ᠰᠠᠶᠢᠲᠤᠷ ᠬᠢᠭᠰᠡᠨ ᠪᠠᠶᠢᠨ᠎ᠠ᠃ᠲᠤᠰ ᠲᠣᠪᠴᠢᠶ᠎ᠠ ᠲᠡᠷᠡ ᠳᠠᠷᠤᠢ ᠳᠤᠨᠢ ᠪᠠᠴᠢᠮ ᠬᠤᠷᠠᠯ ᠬᠤᠷᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ   ᠢ ᠪᠠᠶᠢᠷᠢᠯᠠᠭᠤᠯᠵᠤ᠂ ᠨᠠᠮ ᠤᠨ ᠭᠡᠰᠢᠭᠦᠨ ᠪᠣᠯᠣᠨ ᠭᠠᠶᠢᠯᠢ ᠶᠢᠨ ᠶᠠᠪᠤᠳᠠᠯ ᠤᠨ ᠰᠢᠯᠢᠳᠡᠭ ᠺᠠᠳ᠋ᠷᠴᠤᠳ ᠢ ᠲᠠᠲᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠭᠤᠶᠢᠯᠠᠩ ᠪᠠᠶᠢᠭᠤᠯᠵᠤ᠂ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠯᠢ ᡁᠢ ᠸᠠᠩ ᠲᠤᠰ ᠤᠳᠠᠭᠠᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ ᠤᠳᠤᠷᠢᠳᠴᠠᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠣᠪᠴᠢᠶ᠎ᠠ ᠶᠢᠨ ᠠᠵᠢᠯᠯᠠᠬᠤ ᠭᠠᠵᠠᠷ ᠪᠣᠯᠣᠨ ᠭᠡᠷ ᠪᠦᠯᠢ ᠶᠢᠨ ᠬᠠᠷᠢᠶ᠎ᠠ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠬᠢᠵᠦ᠂ ᠪᠥᠬᠦ ᠠᠵᠢᠯᠲᠠᠨ ᠢ ᠵᠣᠬᠢᠶᠠᠨ ᠪᠠᠶᠢᠭᠤᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠠᠴᠠ ᠠᠪᠤᠭᠠᠳ᠂ 13 ᠰᠠᠶᠢᠨ ᠳᠤᠷ᠎ᠠ ᠶᠢᠨ ᠠᠵᠢᠯᠯᠠᠭᠴᠢ ᠶᠢ ᠪᠥᠭᠡᠮ ᠬᠦᠴᠢᠯ ᠤᠨ ᠪᠠᠶᠢᠴᠠᠭᠠᠨ ᠬᠡᠮᠵᠢᠬᠦ‍ ᠴᠢᠭ ᠲᠤ ᠦᠢᠯᠡᠴᠢᠯᠡᠭᠦᠯᠬᠦ ᠪᠠᠷ ᠲᠣᠬᠢᠷᠠᠭᠤᠯᠤᠭᠰᠠᠨ ᠬᠦᠷᠲᠡᠯ᠎ᠡ᠂ ᠲᠠᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠠᠮᠢ ᠪᠡᠶ᠎ᠡ ᠪᠠᠨ ᠬᠠᠶᠢᠬᠤᠷᠤᠯ ᠦᠭᠡᠢ ᠪᠠᠷ ᠣᠷᠣᠯᠴᠠᠭᠰᠠᠨ ᠪᠠᠶᠢᠨ᠎ᠠ᠃ ᠲᠤᠰ ᠲᠣᠪᠴᠢᠶ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ 5 ᠰᠠᠭᠤᠭᠠᠯᠢ ᠠᠷᠠᠳ ᠤᠨ ᠲᠣᠭᠤᠷᠢᠭ ᠲᠤ 120 ᠭᠠᠷᠤᠢ ᠺᠠᠳ᠋ᠷ ᠠᠵᠢᠯᠲᠠᠨ ᠢ 24 ᠴᠠᠭ ᠢᠶᠠᠷ ᠵᠢᠵᠢᠭᠦᠷᠯᠡᠨ ᠰᠠᠬᠢᠭᠤᠯᠵᠤ᠂ ᠪᠠᠭ ᠤᠨ ᠪᠦᠷᠢᠯᠳᠦᠭᠦᠨ ᠢ ᠡᠳᠦᠷ ᠪᠦᠷᠢ ᠲᠣᠭᠤᠷᠢᠨ ᠪᠠᠶᠢᠴᠠᠭᠠᠵᠤ᠂ ᠢᠯᠡᠷᠡᠭᠦᠯᠦᠭᠰᠡᠨ ᠭᠡᠮ ᠰᠣᠭᠤᠭ ᠤᠨ ᠠᠰᠠᠭᠤᠳᠠᠯ ᠢ 24 ᠴᠠᠭ ᠠᠴᠠ ᠬᠡᠲᠦᠷᠡᠭᠦᠯᠬᠦ ᠦᠭᠡᠢ ᠪᠠᠷ ᠲᠡᠷᠡ ᠳᠠᠷᠤᠢ ᠳᠤᠨᠢ ᠵᠠᠰᠠᠵᠤ ᠥᠭᠡᠷᠡᠴᠢᠯᠡᠪᠡ᠃ ᠡᠭᠦᠨ ᠤ ᠬᠠᠮᠲᠤ ᠲᠠᠭᠠᠭᠠᠴᠢᠯᠠᠭᠰᠠᠨ ᠵᠢᠵᠢᠭ ᠲᠣᠭᠤᠷᠢᠭ ᠢ ᠡᠷᠦᠬᠡ ᠳᠠᠷᠠᠭᠠᠯᠠᠨ ᠪᠠᠶᠢᠴᠠᠭᠠᠨ ᠭᠠᠷᠭᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠡᠷᠦᠬᠡ ᠶᠢᠨ ᠣᠶᠢᠷ᠎ᠠ ᠶᠢᠨ ᠬᠤᠭᠤᠴᠠᠭᠠᠨ ᠤ ᠠᠶᠠᠯᠠᠯ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠭᠰᠡᠨ ᠡᠰᠡᠬᠦ᠂ ᠨᠢᠭᠲᠠ ᠵᠠᠯᠭᠠᠯᠲᠠ ᠣᠷᠣᠰᠢᠵᠤ ᠪᠠᠶᠢᠬᠤ ᠡᠰᠡᠬᠦ ᠵᠡᠷᠭᠡ ᠪᠠᠶᠢᠳᠠᠯ ᠳᠤ ᠳᠠᠩᠰᠠᠯᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ︽ᠥᠨᠴᠥᠭ ᠪᠤᠯᠤᠩ ᠦᠭᠡᠢ᠂ ᠪᠦᠬᠦᠨ ᠢ ᠬᠠᠮᠤᠷᠬᠤ︾ ᠶᠢ ᠦᠨᠡᠨ ᠬᠦ ᠪᠠᠳᠤᠯᠠᠪᠠ᠃      ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠢ ᠬᠠᠷᠢᠭᠤᠴᠠᠯᠭ᠎ᠠ ᠮᠥᠨ᠃ ᠬᠢᠵᠢᠭ ᠤᠨ ᠪᠠᠶᠢᠳᠠᠯ ᠢ ᠡᠰᠡᠷᠭᠦᠴᠡᠬᠦ ᠨᠢ ᠨᠢᠭᠡᠨᠲᠡ ᠨᠢᠭᠡᠨ ᠤᠳᠠᠭᠠᠨ ᠤ ᠬᠤᠶᠢᠷᠭᠤᠰᠢᠵᠤ ᠪᠣᠯᠣᠰᠢ ᠦᠭᠡᠢ ᠬᠤᠯᠠ ᠭᠦᠶᠦᠯᠲᠡ ᠪᠣᠯᠵᠠᠢ᠃ ᠲᠣᠭᠲᠠᠬᠤ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠪᠣᠯᠣᠨ ᠭᠠᠶᠢᠯᠢ ᠶᠢᠨ ᠶᠠᠪᠤᠳᠠᠯ ᠤᠨ ᠺᠠᠳ᠋ᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠣᠳᠠᠲᠠᠢ ᠪᠠᠶᠢᠷᠢᠯᠠᠭᠤᠯᠤᠯᠲᠠ ᠳᠡᠭᠡᠷ᠎ᠡ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠤᠯᠤᠰ ᠲᠥᠷᠥ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠤᠰᠢᠭᠤᠴᠢ ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ ᠢ ᠴᠢᠩᠭᠠᠷᠠᠭᠤᠯᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ  ᠬᠦᠷᠢᠶᠡᠯᠡᠬᠦ︾ ᠶᠢ ᠪᠡᠶᠡᠯᠡᠭᠦᠯᠵᠦ᠂ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ᠂ ᠰᠥᠨᠥᠭᠡᠬᠦ ᠪᠠᠶᠢᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠬᠤ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1