ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ | ᠪᠢᠲᠡᠭᠦᠮᠵᠢᠯᠡᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠬᠥᠮᠥᠰ ᠤᠨ ᠡᠪᠡᠳᠴᠢᠨ ᠦᠵᠡᠭᠦᠯᠵᠦ ᠡᠮᠨᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ | ᠪᠠᠲᠤᠯᠠᠬᠤ ᠶᠢᠨ ᠲᠤᠰᠠᠳᠠ᠂ ᠡᠳᠦᠭᠡ ᠬᠥᠬᠡᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠵᠢᠴᠢ | ᠲᠤᠰᠠᠭᠠᠷᠯᠠᠬᠤ ᠲᠠᠯᠠᠪᠤᠷ ᠤᠨ ᠬᠥᠮᠥᠰ ᠤᠨ ᠡᠪᠡᠳᠴᠢᠨ ᠦᠵᠡᠭᠦᠯᠵᠦ ᠡᠮᠨᠡᠭᠦᠯᠬᠦ ᠶᠠᠪᠤᠳᠠᠯ ᠤᠨ ᠲᠤᠬᠠᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠬᠠᠯᠠᠭᠤᠷᠠᠵᠤ ᠪᠠᠶᠢᠭ᠎ᠠ ᠡᠪᠡᠳᠴᠢᠲᠡᠨ ᠭᠠᠳᠠᠭᠰᠢ ᠭᠠᠷᠴᠤ ᠡᠮᠨᠡᠭᠦᠯᠬᠦ ᠴᠢᠬᠤᠯᠠ ᠲᠠᠢ ᠪᠣᠯ ᠨᠡᠶᠢᠭᠡᠮ | ᠲᠣᠭᠤᠷᠢᠭ ᠤᠨ ᠰᠡᠷᠭᠡᠶᠢᠯᠡᠨ ᠡᠵᠡᠮᠳᠡᠬᠦ ᠠᠯᠪᠠᠨ ᠭᠡᠷ ᠪᠤᠶᠤ ᠲᠤᠰᠠᠭᠠᠷᠯᠠᠬᠤ ᠲᠠᠯᠠᠪᠤᠷ ᠤᠨ ᠡᠮᠴᠢᠯᠡᠭᠡᠨ ᠤ | ᠪᠠᠲᠤᠯᠠᠭ᠎ᠠ ᠶᠢᠨ ᠳᠤᠭᠤᠶᠢᠯᠠᠩ ᠠᠴᠠ 120 ᠲᠦᠷᠭᠡᠨ ᠠᠪᠤᠷᠠᠯᠳᠠ ᠶᠢᠨ ᠲᠡᠷᠭᠡ ᠲᠠᠢ ᠬᠠᠷᠢᠯᠴᠠᠵᠤ ᠬᠠᠯᠠᠭᠤᠷᠠᠯ ᠤᠨ | ᠡᠭᠦᠳᠡᠨ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠡᠮᠨᠡᠭᠦᠯᠬᠦ ᠶᠢᠨ ᠬᠠᠮᠲᠤ ︽ᠴᠢᠭ ᠠᠴᠠ | ᠴᠢᠭ ᠲᠤ ᠬᠦᠷᠬᠦ︾ ᠲᠤᠰᠴᠤ ᠬᠦᠷᠭᠡᠬᠦ᠂ ᠲᠤᠰᠴᠤ ᠠᠪᠴᠢᠷᠠᠬᠤ ᠦᠢᠯᠡᠴᠢᠯᠡᠭᠡ ᠬᠠᠩᠭᠠᠵᠤ᠂ ᠪᠢᠳᠡᠭᠦᠮᠵᠢᠯᠡᠭᠰᠡᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠭᠠᠳᠠᠭᠰᠢ ᠭᠠᠷᠴᠤ ᠡᠮᠨᠡᠭᠦᠯᠬᠦ ᠶᠢ ᠵᠥᠪᠰᠢᠶᠡᠷᠡᠬᠦ ᠦᠭᠡᠢ᠃ | ᠬᠤᠶᠠᠷ᠂ ᠪᠥᠭᠡᠷᠡᠨ ᠤ ᠠᠵᠢᠯᠯᠠᠭ᠎ᠠ ᠮᠠᠭᠤᠳᠠᠭᠰᠠᠨ᠂ ᠰᠠᠴᠤᠷᠠᠭ ᠬᠢᠮᠢ ᠶᠢᠨ ᠵᠠᠰᠠᠯ ᠤᠨ ᠤᠮᠠᠨ ᠡᠪᠡᠳᠴᠢᠲᠡᠨ | ᠵᠢᠴᠢ ᠪᠤᠰᠤᠳ ᠤᠳᠠᠭᠠᠨ ᠴᠢᠨᠠᠷᠲᠠᠢ ᠡᠮᠨᠡᠨ ᠵᠠᠰᠠᠬᠤ ᠴᠢᠬᠤᠯᠠᠲᠠᠢ ᠡᠪᠡᠳᠴᠢᠲᠡᠨ ᠳᠤ ᠨᠡᠶᠢᠭᠡᠮ ᠲᠣᠭᠤᠷᠢᠭ ᠤᠨ | ᠰᠡᠷᠭᠡᠶᠢᠯᠡᠨ ᠡᠵᠡᠮᠳᠡᠬᠦ ᠠᠯᠪᠠᠨ ᠭᠡᠷ ᠪᠤᠶᠤ ᠲᠤᠰᠠᠭᠠᠷᠯᠠᠬᠤ ᠲᠠᠯᠠᠪᠤᠷ ᠤᠨ ᠡᠮᠴᠢᠯᠡᠭᠡᠨ ᠤ ᠪᠠᠲᠤᠯᠠᠭ᠎ᠠ ᠶᠢᠨ | ᠳᠤᠭᠤᠶᠢᠯᠠᠩ ᠠᠴᠠ ᠲᠤᠰᠬᠠᠢ ᠲᠡᠷᠭᠡ ᠲᠣᠮᠢᠯᠠᠵᠤ ᠤᠤᠯ ᠤᠨ ᠣᠨᠣᠰᠢᠯᠠᠨ ᠡᠮᠨᠡᠬᠦ ᠪᠠᠶᠢᠭᠤᠯᠤᠮᠵᠢ ᠳᠤ ᠬᠦᠷᠭᠡᠬᠦ | ᠦᠢᠯᠡᠴᠢᠯᠡᠭᠡ ᠬᠠᠩᠭᠠᠨ᠎ᠠ᠃ | ᠭᠤᠷᠪᠠ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠢᠷᠠᠢ ᠬᠡᠦᠬᠡᠳ ᠢ ᠨᠡᠶᠢᠭᠡᠮ ᠲᠣᠭᠤᠷᠢᠭ ᠤᠨ | ᠰᠡᠷᠭᠡᠶᠢᠯᠡᠨ ᠡᠵᠡᠮᠳᠡᠬᠦ ᠠᠯᠪᠠᠨ ᠭᠡᠷ ᠪᠤᠶᠤ ᠲᠤᠰᠠᠭᠠᠷᠯᠠᠬᠤ ᠲᠠᠯᠠᠪᠤᠷ ᠤᠨ ᠡᠮᠴᠢᠯᠡᠭᠡᠨ ᠤ ᠪᠠᠲᠤᠯᠠᠭ᠎ᠠ ᠶᠢᠨ | ᠳᠤᠭᠤᠶᠢᠯᠠᠩ ᠠᠴᠠ ᠲᠤᠰᠬᠠᠢ ᠲᠡᠷᠭᠡ ᠲᠣᠮᠢᠯᠠᠵᠤ ᠲᠤᠰᠬᠠᠢ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ | ᠡᠮᠨᠡᠭᠦᠯᠦᠨ᠎ᠡ᠃ | ᠳᠥᠷᠪᠡ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠣᠶᠢᠷ᠎ᠠ ᠬᠠᠪᠢ ᠳᠤᠨᠢ᠂ ᠪᠠᠴᠢᠮ ᠪᠠᠶᠢᠳᠠᠯ | ᠳᠤᠨᠢ ᠬᠠᠨᠳᠤᠭᠤᠯᠬᠤ ᠵᠠᠷᠴᠢᠮ ᠶᠣᠰᠣᠭᠠᠷ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠯᠪᠠᠨ ᠭᠡᠷ ᠪᠤᠶᠤ | ᠲᠤᠰᠠᠭᠠᠷᠯᠠᠬᠤ ᠲᠠᠯᠠᠪᠤᠷ ᠤᠨ ᠡᠮᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠠᠴᠠ 120 ᠲᠦᠷᠭᠡᠨ ᠠᠪᠤᠷᠠᠯᠳᠠ ᠶᠢᠨ | ᠲᠡᠷᠭᠡ ᠲᠠᠢ ᠬᠠᠷᠢᠯᠴᠠᠵᠤ ᠵᠣᠬᠢᠬᠤ ᠣᠨᠣᠰᠢᠯᠠᠨ ᠡᠮᠨᠡᠬᠦ ᠴᠢᠳᠠᠪᠤᠷᠢ ᠲᠠᠢ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ | ᠡᠮᠨᠡᠭᠦᠯᠦᠨ᠎ᠡ᠃ | ᠲᠠᠪᠤ᠂ ᠤᠳᠠᠭᠠᠨ ᠴᠢᠨᠠᠷᠲᠠᠢ ᠡᠪᠡᠳᠴᠢᠲᠡᠨ ᠢ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠯᠪᠠᠨ ᠭᠡᠷ | ᠪᠤᠶᠤ ᠲᠤᠰᠠᠭᠠᠷᠯᠠᠬᠤ ᠲᠠᠯᠠᠪᠤᠷ ᠤᠨ ᠡᠮᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠠᠴᠠ ᠲᠤᠰᠬᠠᠢ ᠲᠡᠷᠭᠡ ᠲᠣᠮᠢᠯᠠᠵᠤ | ︽ᠴᠢᠭ ᠠᠴᠠ ᠴᠢᠭ ᠲᠤ︾ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠤᠶᠤ ᠬᠤᠰᠢᠭᠤ ᠰᠢᠶᠠᠨ | ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠡᠮᠨᠡᠭᠦᠯᠦᠨ᠎ᠡ᠂ ᠬᠠᠮᠢᠶ᠎ᠠ ᠪᠦᠬᠦᠢ ᠡᠮᠴᠢᠯᠡᠭᠡᠨ ᠤ | ᠪᠠᠶᠢᠭᠤᠯᠤᠮᠵᠢ ᠨᠢ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠵᠡᠵᠦ ᠪᠠᠶᠢᠭᠠᠳ ᠵᠣᠷ ᠤᠨ ᠬᠡᠷᠡᠭᠯᠡᠬᠦ ᠬᠡᠮᠵᠢᠶ᠎ᠡ ᠶᠢ | 12 ᠭᠠᠷᠠᠭ ᠪᠣᠯᠲᠠᠯ᠎ᠠ ᠤᠷᠲᠤᠳᠬᠠᠵᠤ ᠪᠣᠯᠣᠨ᠎ᠠ᠃ | ᠵᠢᠷᠭᠤᠭ᠎ᠠ᠂ ᠡᠯ᠎ᠡ ᠲᠥᠷᠥᠯ ᠤᠨ ᠡᠮ ᠤᠨ ᠳᠡᠯᠭᠡᠭᠦᠷ ︽ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ | ᠵᠣᠭᠰᠤᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠳᠠᠷᠤᠬᠤ︾ ᠵᠡᠷᠭᠡ ᠳᠥᠷᠪᠡᠨ ᠲᠥᠷᠥᠯ ᠤᠨ ᠡᠮ ᠢ | ᠪᠣᠷᠣᠯᠠᠭᠤᠯᠬᠤ ᠳᠠᠭᠠᠨ ᠡᠷᠬᠡᠪᠰᠢ ᠡᠮ ᠬᠤᠳᠠᠯᠳᠤᠨ ᠠᠪᠤᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠨᠠᠷᠢᠨ | ᠲᠣᠳᠣᠷᠬᠠᠢ ᠲᠡᠮᠳᠡᠭᠯᠡᠬᠦ ᠬᠡᠷᠡᠭᠲᠡᠢ᠃ | ᠳᠣᠯᠤᠭ᠎ᠠ᠂ ᠬᠠᠯᠠᠭᠤᠷᠠᠯ ᠤᠨ ᠡᠭᠦᠳᠡᠨ ᠡᠮᠨᠡᠯᠭᠡ ᠦᠭᠡᠢ ᠡᠮᠴᠢᠯᠡᠭᠡᠨ ᠤ ᠪᠠᠶᠢᠭᠤᠯᠤᠮᠵᠢ ᠨᠤᠭᠤᠳ | ᠬᠠᠯᠠᠭᠤᠷᠠᠯ ᠤᠨ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ ᠪᠣᠯᠬᠤ ᠦᠭᠡᠢ᠃ | ᠣᠯᠠᠨ ᠲᠦᠮᠡᠨ ᠬᠡᠷᠪᠡ ᠡᠪᠡᠳᠴᠢᠨ ᠦᠵᠡᠭᠦᠯᠬᠦ ᠬᠦᠴᠢᠷᠳᠡᠯ ᠳᠤ ᠲᠤᠯᠭᠠᠷᠠᠪᠠᠯ᠂ ᠴᠠᠭ ᠲᠤᠬᠠᠢ ᠳᠤᠨᠢ | 12320 ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠭᠠᠷᠠᠢ᠃ | ᠳᠠᠭᠠᠯᠳᠤᠭᠤᠯᠤᠯ᠄ | ︵ᠨᠢᠭᠡ︶ ᠡᠯ᠎ᠡ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠰᠠᠭᠤᠨ | ᠯᠠᠪᠯᠠᠬᠤ ᠤᠲᠠᠰᠤ᠄ | ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱4612881 | ᠰᠢᠨ᠎ᠡ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 0471︱6218546 | ᠬᠤᠳᠤᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱3821990 | ᠢᠦᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 0471︱5686961 | ᠰᠠᠶᠢᠬᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱6680960 | ᠲᠦᠮᠡᠳ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 0471︱3188885 | ᠲᠤᠭᠳᠠᠬᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱8513363 | ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱7380885 | ᠴᠢᠩ ᠱᠦᠢ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱7912043 | ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 0471︱8821339 | ︵ᠬᠤᠶᠠᠷ︶ ᠡᠯ᠎ᠡ ᠭᠠᠵᠠᠷ ᠣᠷᠣᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠠᠰᠠᠭᠤᠨ | ᠯᠠᠪᠯᠠᠬᠤ ᠤᠲᠠᠰᠤ᠄ | ᠬᠥᠬᠡᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 0471 ︱ 6627113︔ | 0471︱6627106 | ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | 0471︱6901455 | ᠬᠤᠲᠣᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | 0471︱6306994 | ᠢᠦᠢ ᠴᠢᠦᠸᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | 0471︱5973029 | ᠰᠠᠶᠢᠬᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | 0471︱6680742 | ᠲᠦᠮᠡᠳ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | 0471︱3188885 | ᠲᠤᠭᠳᠠᠬᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 0471︱8528589 | ᠬᠤᠷᠢᠨᠭᠡᠷ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 0471︱7191244 | ᠴᠢᠩ ᠱᠦᠢ ᠾᠧ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | 0471︱7912822 | ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 0471︱8822235 | ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2022 ᠣᠨ ᠤ 2 ᠳ᠋ᠤᠭᠠᠷ ᠰᠠᠷ᠎ᠠ ᠶᠢᠨ 25 ᠤ ᠡᠳᠦᠷ | |