ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2022/2/28
      ᠣᠳᠣᠬᠠᠨ ᠳᠤ ᠬᠢᠵᠢᠭ ᠤᠨ ᠪᠠᠶᠢᠳᠠᠯ ᠤᠨ ᠬᠡᠯᠪᠡᠷᠢ ᠬᠦᠨᠳᠦ ᠬᠡᠴᠡᠭᠦᠦ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠭᠦᠢᠴᠡᠳᠬᠡᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠦᠯᠬᠢᠨ ᠠᠬᠢᠭᠤᠯᠵᠤ ᠪᠠᠶᠢᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠪᠥᠬᠦ ᠰᠢᠶᠠᠨ ᠤ ᠡᠯ᠎ᠡ ᠳᠠᠶᠢᠯᠠᠯᠭ᠎ᠠ ᠶᠢᠨ ᠬᠤᠲᠠ᠂ ᠢᠳᠡᠭᠡᠨ ᠤᠮᠳᠠᠭᠠᠨ ᠤ ᠨᠢᠭᠡᠴᠡ ᠶᠢ ᠰᠢᠪᠠᠳᠠᠵᠤ ᠪᠠᠶᠢᠭᠠᠳ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ ︵8︶ ᠳ᠋ᠤᠭᠠᠷ ᠲᠣᠭᠠᠲᠤ ᠠᠯᠪᠠᠨ ᠵᠠᠷ ᠢ ᠨᠠᠶᠢᠳᠠᠪᠤᠷᠢᠵᠢᠭᠤᠯᠵᠤ᠂ ᠳᠠᠶᠢᠯᠠᠯᠭ᠎ᠠ᠂ ᠪᠠᠶᠠᠷ ᠶᠣᠰᠣᠯᠠᠯ ᠵᠡᠷᠭᠡ ᠬᠠᠮᠲᠤ ᠶᠢᠨ ᠠᠵᠢᠯᠯᠠᠭ᠎ᠠ᠂ ᠲᠤᠷᠰᠢᠯᠲᠠ ᠶᠢᠨ ᠺᠣᠳ᠋ ᠪᠠᠭᠤᠯᠭᠠᠬᠤ᠂ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠶᠢ ᠲᠡᠮᠳᠡᠭᠯᠡᠬᠦ᠂ ᠠᠮᠠᠪᠴᠢ ᠵᠡᠭᠦᠬᠦ᠂ ︽ᠨᠢᠭᠡ ᠮᠧᠲᠷ ᠤᠨ ᠱᠤᠭᠤᠮ︾ ᠤᠨ ᠬᠤᠭᠤᠷᠣᠨᠳᠣᠬᠢ ᠵᠠᠢ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠠᠪᠬᠤ ᠶᠢ ᠴᠢᠩᠭ᠎ᠠ ᠴᠠᠭᠠᠵᠠᠯᠠᠵᠤ᠂ ᠬᠥᠮᠥᠨ ᠲᠠᠯᠠᠪᠤᠷ ᠤᠨ ᠬᠠᠮᠢᠶᠠᠷᠤᠨ ᠡᠵᠡᠮᠳᠡᠬᠦ᠂ ᠠᠷᠢᠭᠤᠳᠬᠠᠬᠤ ᠶᠢ ᠪᠠᠳᠤᠯᠠᠨ᠎ᠠ᠃      ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ︽ᠳᠥᠷᠪᠡᠨ ᠲᠥᠷᠥᠯ ᠤᠨ ᠡᠮ ᠲᠠᠩ︾ ᠢ ᠪᠣᠷᠣᠯᠠᠭᠤᠯᠬᠤ ᠪᠠᠨ ᠪᠦᠬᠦᠨ ᠢ ᠲᠦᠷ ᠵᠣᠭᠰᠣᠭᠠᠵᠤ᠂ ᠡᠮ ᠤᠨ ᠳᠡᠯᠭᠡᠭᠦᠷ ᠢ ᠰᠢᠮᠳᠠᠭᠤᠯᠵᠤ ᠪᠠᠶᠢᠭᠠᠳ ᠡᠳᠦᠷ ᠲᠤᠲᠤᠮ ᠤᠨ ᠠᠷᠢᠭᠤᠳᠬᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ︽ᠨᠢᠭᠡ ᠮᠧᠲᠷ ᠤᠨ ᠱᠤᠭᠤᠮ︾ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠰᠠᠶᠢᠲᠤᠷ ᠬᠢᠵᠦ᠂ ᠪᠡᠶ᠎ᠡ ᠶᠢᠨ ᠳᠤᠯᠠᠭᠠᠨ ᠤ ᠬᠡᠪ ᠤᠨ ᠪᠤᠰᠤ ᠪᠠᠶᠢᠳᠠᠯ ᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠡᠮ ᠲᠠᠩ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠨ ᠠᠪᠬᠤ᠂ ᠬᠠᠳᠠᠭᠠᠯᠠᠬᠤ᠂ ᠠᠷᠠᠴᠢᠯᠠᠨ ᠬᠠᠮᠠᠭᠠᠯᠠᠬᠤ᠂ ᠪᠣᠷᠣᠯᠠᠭᠤᠯᠬᠤ ᠵᠡᠷᠭᠡ ᠲᠠᠯ᠎ᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ︔ ᠠᠶᠤᠯ ᠲᠦᠭᠰᠢᠭᠦᠷᠢ ᠶᠡᠬᠡᠲᠡᠢ ᠦᠢᠯᠡᠳᠬᠦᠨ᠂ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠡᠷᠡᠭᠯᠡᠬᠦ ᠡᠮ ᠲᠠᠩ ᠪᠠᠭᠠᠵᠢ ᠬᠡᠷᠡᠭᠰᠡᠯ᠂ ᠪᠠᠺᠲ᠋ᠧᠷᠢ ᠦᠭᠡᠢ ᠪᠠ ᠳᠠᠷᠢᠵᠤ ᠣᠷᠣᠭᠤᠯᠬᠤ ᠴᠢᠨᠠᠷᠲᠠᠢ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠪᠦᠬᠦ ᠰᠢᠶᠠᠨ ᠤ ᠠᠷᠠᠳ ᠤᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃      ᠤᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠢ ᠴᠢᠩᠭᠠᠳᠬᠠᠪᠠ᠂ ᠪᠥᠬᠦ ᠰᠢᠶᠠᠨ ᠤ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠠᠭᠤᠳᠠᠯ᠂ ᠬᠤᠭᠤᠯᠠᠨ ᠭᠡᠷ᠂ ᠡᠮ ᠤᠨ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠳᠡᠯᠭᠡᠭᠦᠷ ᠲᠤ ᠣᠷᠣᠭᠰᠠᠳ ᠢ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠭᠠᠳᠠᠭᠠᠳᠤ   ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ᠂ ᠭᠠᠳᠠᠭᠠᠳᠤ   ᠠᠴᠠ ᠣᠷᠣᠭᠤᠯᠬᠤ ᠵᠢᠮᠢᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠳᠤ᠂ ᠭᠠᠳᠠᠭᠠᠳᠤ ᠠᠴᠠ ᠣᠷᠣᠭᠤᠯᠤᠭᠰᠠᠨ ᠵᠢᠮᠢᠰ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠨᠢ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ︽ᠭᠤᠷᠪᠠᠨ ᠲᠤᠰᠬᠠᠢ ᠮᠡᠷᠭᠡᠵᠢᠯ᠂ ᠳᠥᠷᠪᠡᠨ ᠦᠭᠡᠢ᠂ ᠲᠠᠪᠤᠨ ᠦᠨᠡᠮᠯᠡᠯ︾ ᠤᠨ ᠱᠠᠭᠠᠷᠳᠠᠯᠭ᠎ᠠ ᠪᠠ 24 ᠴᠠᠭ ᠢᠶᠠᠷ ᠮᠡᠳᠡᠭᠦᠯᠦᠨ ᠳᠠᠩᠰᠠᠯᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠦᠢᠲᠡᠨ ᠬᠡᠯᠬᠢᠶᠡᠲᠦ ᠢᠳᠡᠭᠡᠨ︾ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠮᠥᠷᠳᠡᠨ ᠤᠬᠤᠴᠢᠯᠠᠬᠤ ᠲᠠᠪᠴᠠᠩ ᠢ ᠵᠢᠷᠤᠮᠵᠢᠭᠤᠯᠤᠨ ᠬᠡᠷᠡᠭᠯᠡᠵᠦ᠂ ᠭᠠᠳᠠᠭᠠᠳᠤ   ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠪᠥᠬᠦ ᠶᠠᠪᠤᠴᠠ ᠶᠢ ᠮᠥᠷᠳᠡᠨ ᠤᠬᠤᠴᠢᠯᠠᠵᠤ ᠪᠣᠯᠬᠤ ᠶᠢ ᠦᠨᠡᠨᠬᠦ ᠪᠠᠲᠤᠯᠠᠨ᠎ᠠ᠃      ᠣᠳᠣᠬᠠᠨ ᠪᠣᠯᠲᠠᠯ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠲᠡ 92 ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠭᠠᠷᠭᠠᠵᠤ᠂ 19 ᠮᠠᠰᠢᠨ ᠲᠡᠷᠭᠡ ᠭᠠᠷᠭᠠᠵᠤ᠂ 236 ᠬᠤᠳᠠᠯᠳᠤᠭᠠᠴᠢᠨ ᠡᠷᠦᠬᠡ᠂ 373 ᠢᠳᠡᠭᠡᠨ ᠤᠮᠳᠠᠭᠠᠨ ᠤ ᠨᠢᠭᠡᠴᠡ᠂ 30 ᠳᠠᠶᠢᠯᠠᠯᠭ᠎ᠠ ᠶᠢᠨ ᠬᠤᠲᠠ᠂ 115 ᠡᠮ ᠤᠨ ᠳᠡᠯᠭᠡᠭᠦᠷ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠲᠤ ᠪᠠᠬᠢ ᠪᠠᠬᠢᠯᠡᠯᠲᠡ ᠪᠠᠶᠢᠭᠤᠯᠵᠠᠢ᠃ ᠲᠠᠷᠠᠭᠠᠴᠢ ᠶᠢᠨ ᠠᠯᠬᠤᠮ ᠳᠤ ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠦᠭᠡᠢ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠥᠨᠴᠥᠭ ᠪᠤᠯᠤᠩ ᠦᠭᠡᠢ᠂ ᠪᠠᠯᠠᠢ ᠭᠠᠵᠠᠷ ᠦᠭᠡᠢ᠂ ᠳᠤᠲᠠᠭᠳᠠᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ ᠣᠯᠠᠨ ᠡᠵᠡᠩᠨᠡᠯᠲᠡ ᠶᠢᠨ ᠡᠷᠦᠬᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠥᠪᠡᠷ ᠤᠨ ᠪᠠᠶᠢᠴᠠᠭᠠᠯᠲᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠡ ᠲᠠᠩᠰᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ ᠤᠬᠠᠭᠤᠯᠭ᠎ᠠ ᠪᠠᠨ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠣᠯᠠᠨ ᠢᠶᠠᠷ ᠢᠶᠠᠨ ᠰᠡᠷᠭᠡᠶᠢᠯᠡᠨ ᠵᠠᠰᠠᠵᠤ ᠂ ᠪᠦᠯᠬᠦᠮᠳᠡᠨ ᠨᠢᠭᠡᠳᠴᠦ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠡᠨᠡᠳᠡᠭᠦᠯᠦᠨ ᠳᠠᠭᠠᠷᠢᠬᠤ ᠲᠡᠶᠢᠨ ᠤ ᠢᠯᠠᠯᠲᠠ ᠶᠢ ᠣᠯᠬᠤ ᠬᠡᠷᠡᠭᠲᠡᠢ ᠭᠡᠵᠦ ᠰᠠᠨᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1