︽ᠪᠠᠶᠢᠴᠠᠭᠠᠬᠤ ᠭᠠᠯ ᠰᠡᠷᠭᠡᠶᠢᠯᠡᠨ ᠤᠨᠳᠠᠷᠭᠠᠬᠤ︾ ᠶᠢ ᠬᠠᠮᠵᠢᠯᠴᠠᠭᠤᠯᠤᠨ᠂ ︽ᠪᠠᠶᠢᠴᠠᠭᠠᠬᠤ ᠭᠠᠯ ᠰᠡᠷᠭᠡᠶᠢᠯᠡᠨ ᠤᠨᠳᠠᠷᠭᠠᠬᠤ ᠪᠠ ᠬᠢᠨᠠᠨ ᠵᠠᠰᠠᠬᠤ︾ ᠰᠢᠨ᠎ᠡ ᠵᠠᠭᠪᠤᠷ ᠢ ᠪᠣᠶ ᠪᠤᠯᠭᠠᠶ᠎ᠠ
ᠨᠡᠶᠢᠲᠡᠯᠡᠭᠰᠡᠨ ᠴᠠᠭ᠄
2022/3/17
       ᠲᠣᠭᠲᠠᠬᠤ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠣᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠤᠨ ᠬᠠᠮᠵᠢᠯᠴᠠᠭ᠎ᠠ ᠶᠢ ᠦᠨᠡᠨᠬᠦ ᠴᠢᠩᠭᠠᠳᠬᠠᠬᠤ ᠶᠢᠨ ᠲᠥᠯᠥᠭᠡ᠂ ᠬᠠᠤᠯᠢ ᠳᠦᠷᠢᠮ ᠤᠨ ᠠᠷᠭ᠎ᠠ ᠪᠠᠷ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ  ᠶᠢ ᠠᠬᠢᠭᠤᠯᠵᠤ᠂ ᠪᠦᠬᠦ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠡᠷᠡᠭᠵᠢᠭᠦᠯᠬᠦ ᠠᠷᠭ᠎ᠠ ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠪᠠᠶᠢᠴᠠᠭᠠᠬᠤ ᠬᠢᠨᠠᠯᠲᠠ ᠲᠠᠯᠪᠢᠬᠤ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 3 ᠳ᠋ᠤᠭᠠᠷ ᠰᠠᠷ᠎ᠠ ᠶᠢᠨ 15 ᠤ ᠡᠳᠦᠷ᠂ ᠲᠣᠭᠲᠠᠬᠤ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠣᠨ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠲᠣᠭᠲᠠᠬᠤ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠦᠷᠢᠶᠡᠨ ᠳᠠᠬᠢ ︽ᠪᠠᠶᠢᠴᠠᠭᠠᠬᠤ ᠭᠠᠯ ᠰᠡᠷᠭᠡᠶᠢᠯᠡᠨ ᠤᠨᠳᠠᠷᠭᠠᠬᠤ ᠬᠠᠮᠵᠢᠯᠴᠠᠭ᠎ᠠ︾ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠦᠷᠢᠶᠡᠨ ᠳᠠᠬᠢ ︽ᠪᠠᠶᠢᠴᠠᠭᠠᠬᠤ ᠭᠠᠯ ᠰᠡᠷᠭᠡᠶᠢᠯᠡᠨ ᠤᠨᠳᠠᠷᠭᠠᠬᠤ ᠬᠠᠮᠵᠢᠯᠴᠠᠭ᠎ᠠ︾ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠬᠠᠮᠲᠤᠪᠠᠷ ᠵᠥᠪᠳᠡᠯᠴᠡᠪᠡ᠃
     ᠬᠤᠷᠠᠯ ᠳᠡᠭᠡᠷ᠎ᠡ᠂ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠦᠬᠦ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠳᠤ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠮᠡᠳᠡᠭᠳᠡᠵᠦ᠂ ᠪᠠᠶᠢᠴᠠᠭᠠᠬᠤ ᠬᠤᠷᠢᠶ᠎ᠠ ᠠᠴᠠ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠵᠢᠴᠢ ᠣᠶᠢᠷ᠎ᠠ ᠶᠢᠨ ᠵᠢᠯ ᠤᠳ ᠲᠤ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠬᠤ ᠬᠦᠷᠢᠶᠡᠨ ᠳᠤ ᠥᠷᠨᠢᠭᠦᠯᠦᠭᠰᠡᠨ ᠠᠵᠢᠯ ᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠪᠠᠶᠢᠴᠠᠭᠠᠬᠤ᠂ ᠭᠠᠯ ᠰᠡᠷᠭᠡᠶᠢᠯᠡᠨ ᠤᠨᠲᠠᠷᠠᠭᠠᠬᠤ ᠬᠠᠮᠵᠢᠯᠴᠠᠭ᠎ᠠ ᠪᠠ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠶᠠᠷᠢᠯᠴᠠᠬᠤ ᠬᠤᠷᠠᠯ ᠬᠢᠵᠦ᠂ ᠭᠠᠯ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢᠨ ᠰᠣᠯᠢᠯᠴᠠᠭ᠎ᠠ᠂ ᠭᠠᠯ ᠤᠨ ᠭᠠᠮᠰᠢᠭ ᠤᠨ ᠳᠠᠯᠳᠠ ᠬᠡᠮ ᠪᠠ ᠭᠠᠯ ᠤᠨᠲᠠᠷᠠᠭᠠᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠪᠠᠶᠢᠴᠠᠭᠠᠬᠤ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯᠲᠠᠨ ᠤ ᠰᠣᠯᠢᠯᠴᠠᠭ᠎ᠠ ᠰᠤᠷᠤᠯᠴᠠᠯᠭ᠎ᠠ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ︽ᠲᠣᠭᠲᠠᠬᠤ ᠰᠢᠶᠠᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠦᠷᠢᠶᠡᠨ ᠳᠠᠬᠢ ︿ᠪᠠᠶᠢᠴᠠᠭᠠᠬᠤ ᠭᠠᠯ ᠰᠡᠷᠭᠡᠶᠢᠯᠡᠨ ᠤᠨᠳᠠᠷᠭᠠᠬᠤ ᠬᠠᠮᠵᠢᠯᠴᠠᠭ᠎ᠠ﹀ ᠶᠢᠨ ᠠᠵᠢᠯ ᠤᠨ ᠲᠣᠭᠲᠠᠴᠠ︾ ᠳᠤ ᠭᠠᠷ ᠤᠨ ᠥᠰᠥᠭ ᠵᠢᠷᠤᠪᠠ᠂ ᠲᠣᠰ ᠲᠣᠭᠲᠠᠴᠠ ᠨᠢ ᠰᠦᠪᠡᠭᠴᠢ ᠶᠢ ᠰᠢᠯᠵᠢᠭᠦᠯᠦᠨ ᠬᠦᠷᠭᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠮᠲᠤᠷᠠᠭᠰᠠᠨ ᠬᠤᠷᠠᠯ ᠬᠢᠬᠦ᠂ ᠬᠠᠮᠵᠢᠯᠴᠠᠨ ᠭᠦᠢᠴᠡᠳᠬᠡᠬᠦ᠂ ᠲᠤᠰᠬᠠᠢ ᠴᠡᠭᠴᠡᠯᠡᠨ ᠵᠠᠰᠠᠬᠤ᠂ ᠠᠵᠢᠯᠲᠠᠨ ᠢᠶᠠᠨ ᠰᠣᠯᠢᠯᠴᠠᠬᠤ ᠪᠠ ᠬᠠᠮᠲᠤᠷᠠᠨ ᠤᠬᠠᠭᠤᠯᠬᠤ ᠵᠡᠷᠭᠡ ᠲᠤᠯᠤᠭᠠᠨ ᠲᠠᠯ᠎ᠠ ᠠᠴᠠ ᠪᠣᠳᠠᠲᠠᠢ ᠬᠠᠮᠵᠢᠯᠴᠠᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ ᠂ ᠬᠠᠮᠵᠢᠯᠴᠠᠬᠤ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠨ ᠰᠢᠯᠢᠳᠡᠭᠵᠢᠭᠦᠯᠬᠦ ᠠᠵᠢᠯ ᠤᠨ ᠲᠣᠭᠲᠠᠴᠠ ᠶᠢ ᠪᠣᠶ ᠪᠣᠯᠭᠠᠪᠠ᠃
     ᠲᠤᠰ ᠬᠠᠮᠵᠢᠯᠴᠠᠭᠠᠨ ᠤ ᠲᠣᠭᠲᠠᠴᠠ ᠳᠤ ᠭᠠᠷ ᠤᠨ ᠦᠰᠦᠭ ᠵᠢᠷᠤᠭᠰᠠᠨ ᠨᠢ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠪᠣᠯᠣᠨ ᠪᠠᠶᠢᠴᠠᠭᠠᠬᠤ ᠪᠠᠶᠢᠭᠤᠯᠤᠯᠭ᠎ᠠ ᠶᠢᠨ ᠭᠦᠨᠵᠡᠭᠡᠢ ᠬᠠᠮᠲᠤᠷᠠᠯᠴᠠᠬᠤ᠂ ᠤᠯᠠᠨ ᠨᠡᠶᠢᠲᠡ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠬᠠᠮᠲᠤᠪᠠᠷ ᠰᠠᠶᠢᠵᠢᠷᠠᠭᠤᠯᠬᠤ ᠳᠤ ᠲᠣᠭᠲᠠᠴᠠ ᠶᠢᠨ ᠪᠠᠲᠤᠯᠠᠭ᠎ᠠ ᠬᠠᠩᠭᠠᠵᠤ᠂ ︽ᠪᠠᠶᠢᠴᠠᠭᠠᠬᠤ ᠬᠢᠨᠠᠯᠲᠠ ᠲᠠᠯᠪᠢᠬᠤ︾ + ︽ᠭᠠᠯ ᠰᠡᠷᠭᠡᠶᠢᠯᠡᠨ ᠤᠨᠲᠠᠷᠠᠭᠠᠬᠤ ᠬᠢᠨᠠᠯᠲᠠ ᠬᠠᠮᠢᠶᠠᠷᠤᠯᠲᠠ︾ + ︽ᠠᠮᠤᠷ ᠲᠦᠪᠰᠢᠨ ᠤ ᠵᠠᠰᠠᠯᠲᠠ︾ ᠶᠢᠨ ᠰᠢᠨ᠎ᠡ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1