ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠥᠪᠥᠷ ᠮᠣᠩᠭᠤᠯ ᠤᠨ ᠳ᠋ᠠ ᠲᠠᠩ | ᠣᠯᠠᠨ ᠤᠯᠤᠰ ᠤᠨ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ | ᠦᠢᠯᠡᠳᠪᠦᠷᠢᠯᠡᠯ ᠡᠵᠡᠩᠨᠡᠯᠲᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ 2 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ ᠠᠵᠤ ᠠᠬᠤᠶᠢᠯᠠᠯ ᠤᠨ ᠬᠥᠩᠭᠡᠨ ᠴᠠᠭᠠᠨ ᠤ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ | ᠬᠢ ᠠᠴᠠ 645 ᠲᠣᠨ ᠨᠡᠮᠡᠭᠳᠡᠵᠦ᠂ ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠵᠦᠢᠯ ᠤᠨ ᠠᠵᠢᠯ ᠳᠤ ᠰᠠᠶᠢᠨ | ᠪᠠᠶᠢᠳᠠᠯ ᠢᠯᠡᠷᠡᠵᠦ᠂ ᠲᠦᠷᠦᠭᠦᠸ ᠤᠯᠠᠷᠢᠯ ᠳᠤ ᠰᠠᠶᠢᠨ ᠡᠬᠢᠯᠡᠯᠲᠡ ᠲᠠᠢ ᠪᠣᠯᠤᠭᠰᠠᠨ ᠪᠠᠶᠢᠨ᠎ᠠ᠃ | ᠦᠢᠯᠡᠳᠪᠦᠷᠢᠯᠡᠯ ᠢ ᠯᠠᠪᠳᠠᠭᠤᠨ ᠢᠶᠠᠷ ᠰᠠᠶᠢᠲᠤᠷ ᠠᠳᠬᠤᠬᠤ ᠶᠢᠨ ᠬᠠᠮᠲᠤ᠂ ᠣᠶᠢᠷ᠎ᠠ ᠶᠢᠨ ᠵᠢᠯ ᠤᠨ ᠲᠤᠷᠰᠢ᠂ | ᠤᠯᠤᠰ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠪᠠᠷ ᠬᠥᠳᠡᠯᠭᠡᠭᠦᠷ ᠪᠣᠯᠭᠠᠭᠰᠠᠨ ᠲᠤᠷᠤᠨ᠎ᠠ ᠶᠢᠨ ᠰᠠᠯᠬᠢᠨ ᠤ | ᠡᠷᠴᠢᠨ ᠳᠡᠭᠡᠷ᠎ᠡ ᠳ᠋ᠠ ᠲᠠᠩ ᠬᠥᠬᠡᠬᠤᠲᠠ ᠶᠢᠨ ᠬᠥᠩᠭᠡᠨ ᠴᠠᠭᠠᠨ ᠤ ᠴᠠᠬᠢᠯᠭᠠᠨ ᠤ ᠺᠣᠮᠫᠠᠨᠢ 1 ᠵᠦᠢᠯ ᠤᠨ | ᠡᠭᠦᠳᠦᠯᠲᠡ ᠶᠢᠨ ᠲᠤᠰᠬᠠᠢ ᠠᠰᠢᠭ᠂ 10 ᠵᠦᠢᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ | ᠡᠷᠬᠡ ᠲᠠᠢ᠂ ᠰᠢᠨ᠎ᠡ ᠪᠠᠷ ᠡᠷᠬᠡ ᠣᠯᠭᠤᠭᠰᠠᠨ ᠲᠤᠰᠬᠠᠢ ᠠᠰᠢᠭ ᠤᠨ ᠡᠷᠬᠡ 7 ᠵᠦᠢᠯ᠂ ᠭᠤᠶᠤᠴᠢᠯᠠᠭᠰᠠᠨ ᠲᠤᠰᠬᠠᠢ | ᠠᠰᠢᠭ ᠤᠨ ᠡᠷᠬᠡ 9 ᠵᠦᠢᠯ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠬᠢᠷᠢ ᠬᠡᠮ ᠤᠨ ᠳᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠡᠵᠦ᠂ | ISO9001᠄ 2015 ᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠬᠢᠨᠠᠨ ᠬᠠᠷᠭᠤᠭᠤᠯᠵᠤ | ᠭᠡᠷᠡᠴᠢᠯᠡᠬᠦ ᠠᠵᠢᠯ ᠢ ᠪᠡᠶᠡᠯᠡᠭᠦᠯᠵᠦ᠂ 2021 ᠣᠨ ᠳᠤ ᠺᠣᠮᠫᠠᠨᠢ ᠪᠠᠰᠠ ︽ᠪᠥᠬᠦ ᠤᠯᠤᠰ ᠤᠨ ᠥᠩᠭᠡᠲᠦ | ᠲᠡᠮᠦᠷᠯᠢᠭ ᠤᠨ ᠠᠵᠢᠯ ᠲᠥᠷᠥᠯ ᠤᠨ ᠲᠡᠷᠢᠭᠦᠨ ᠤ ᠬᠠᠮᠲᠤ︾ ︽ᠪᠥᠬᠦ ᠤᠯᠤᠰ ᠤᠨ ᠠᠵᠢᠯᠴᠢᠨ ᠤ ᠬᠤᠰᠢᠭᠤᠴᠢ︾ | ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃ |